ᠴᠠᠭᠠᠨ ᠰᠠᠷ᠎ᠠ ᠶᠢᠨ ᠦᠯᠵᠡᠶᠢᠳᠣ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2025/2/8
       ᠥᠷᠭᠡᠨ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠ ᠬᠥᠭᠵᠢᠭᠡᠵᠦ᠂ ᠪᠠᠶᠠᠷ ᠪᠠᠶᠠᠰᠤᠯ ᠲᠠᠢ ᠥᠯᠵᠡᠢ ᠪᠡᠯᠭᠡ ᠲᠠᠢ᠂ ᠬᠥᠷ ᠬᠥᠭᠵᠢᠶᠡᠨᠲᠦ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠠᠷᠤ ᠬᠤᠷᠴᠢᠨ ᠬᠤᠰᠢᠭᠤ 2025 ᠣᠨ ᠤ ᠬᠥᠬᠡᠭᠴᠢᠨ ᠮᠣᠭᠠᠶ ᠵᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠡᠷᠬᠢᠯᠡᠬᠦ ᠪᠠᠷ ᠪᠣᠢ᠃        ᠶᠠᠪᠤᠭᠳᠠᠬᠤ ᠴᠠᠭ᠄ 2025 ᠣᠨ ᠤ 2 ᠰᠠᠷ᠎ᠠ ᠶᠢᠨ12 ᠤᠨ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ︶ ᠤᠨ 19᠄ 29 - 19᠄ 59 ᠪᠣᠯᠲᠠᠯ᠎ᠠ ᠶᠠᠪᠤᠭᠳᠠᠬᠤ ᠭᠠᠵᠠᠷ᠄ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠠ ᠲᠠᠯ᠎ᠠ ᠶᠢᠨ ᠬᠠᠤᠯᠢ ᠪᠠᠷ ᠵᠠᠰᠠᠬᠤ ᠠᠭᠤᠳᠠᠮ ᠲᠠᠯᠠᠪᠠᠢ        ᠴᠢᠬᠤᠯᠠᠴᠢᠯᠠᠨ ᠰᠠᠨᠠᠭᠤᠯᠬᠤ ᠨᠢ᠄ ᠥᠷᠭᠡᠨ ᠣᠯᠠᠨ ᠲᠦᠮᠡᠨ ᠭᠠᠳᠠᠭᠰᠢ ᠭᠠᠷᠬᠤ ᠲᠦᠯᠥᠪᠯᠡᠭᠡ ᠪᠠᠨ ᠤᠷᠢᠳᠴᠢᠯᠠᠨ ᠰᠠᠶᠢᠳᠣᠷ ᠲᠣᠭᠲᠠᠭᠠᠵᠤ᠂ ᠠᠶᠠᠯᠠᠯ ᠢᠶᠠᠨ ᠵᠦᠶ ᠵᠣᠬᠢᠰᠲᠠᠶ ᠲᠣᠬᠢᠷᠠᠭᠤᠯᠤᠨ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠰᠠᠬᠢᠨ ᠵᠢᠷᠤᠮᠯᠠᠵᠤ᠂ ᠵᠢᠵᠢᠭᠦᠷᠯᠡᠵᠤ ᠪᠠᠶᠢᠭ᠎ᠠ ᠠᠷᠠᠳ ᠤᠨ ᠴᠠᠭᠲᠠᠭ᠎ᠠ ᠶᠢᠨ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃ ᠡᠭᠦᠨ ᠤ ᠬᠠᠮᠲᠤ ᠬᠤᠸᠠᠷ ᠫᠤᠤᠵᠢᠩ ᠪᠠ ᠳᠡᠭᠳᠡᠭᠦᠷ ᠳ᠋ᠧᠩᠯᠦ ᠠᠪᠴᠤ ᠶᠠᠪᠤᠨ᠂ ᠬᠤᠸᠠᠷ ᠫᠤᠤᠵᠢᠩ ᠲᠠᠯᠪᠢᠬᠤ ᠪᠤᠶᠤ ᠳᠡᠭᠳᠡᠭᠦᠷ ᠳ᠋ᠧᠩᠯᠦ ᠠᠰᠠᠭᠠᠵᠤ ᠪᠣᠯᠬᠤ ᠥᠬᠡᠶ᠃ ᠬᠡᠷᠪᠡ ᠵᠢᠯᠣᠭᠤᠴᠢ ᠥᠬᠡᠶ ᠨᠢᠰᠬᠡᠭᠦᠷ ᠮᠠᠰᠢᠨ ᠬᠡᠷᠡᠭᠯᠡᠬᠦ ᠴᠢᠬᠤᠯᠠᠲᠠᠶ ᠪᠣᠯ᠂ ᠴᠠᠭ ᠲᠤᠬᠠᠶ ᠳᠤᠨᠢ ᠬᠠᠮᠢᠶ᠎ᠠ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭᠠᠵᠠ ᠲᠠᠶᠢᠯᠬᠤ ᠶᠢ ᠭᠤᠶᠤᠴᠢᠯᠠᠵᠤ᠂ ᠵᠥᠪᠰᠢᠶᠡᠷᠡᠯ ᠣᠯᠤᠭᠰᠠᠨ ᠤ ᠳᠠᠷᠠᠭ᠎ᠠ ᠲᠣᠭᠲᠠᠭᠰᠠᠨ ᠴᠠᠭ ᠬᠤᠭᠤᠴᠠᠭ᠎ᠠ ᠪᠠ ᠣᠷᠣᠨ ᠵᠠᠶ ᠳᠤ ᠬᠡᠷᠡᠭᠯᠡᠨ᠂ ᠥᠯᠵᠡᠶᠢᠲᠦ ᠡᠳᠦᠷ ᠤᠨ ᠬᠤᠸᠠᠷ ᠫᠤᠤᠵᠢᠩ ᠤᠨ ᠦᠵᠡᠭᠦᠯᠭᠡ ᠶᠢᠨ ᠠᠵᠢᠯᠯᠠᠭ᠎ᠠ ᠳᠤ ᠠᠮᠤᠷ ᠲᠦᠪᠰᠢᠨ ᠪᠣᠯᠪᠠᠰᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠶ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号