2 ᠰᠠᠷ᠎ᠠ ᠶᠢᠨ 7 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠤᠯ | ᠰᠤᠷᠤᠯᠴᠠᠬᠤ ᠭᠤᠤᠯᠯᠠᠬᠤ ᠳᠤᠭᠤᠶᠢᠯᠠᠩ ᠤᠨ ︵ᠥᠷᠭᠡᠳᠬᠡᠭᠰᠡᠨ︶ ᠴᠠᠭᠠᠨ ᠰᠠᠷ᠎ᠠ ᠶᠢᠨ ᠨᠣᠮ ᠤᠩᠰᠢᠯᠭ᠎ᠠ ᠶᠢᠨ | ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠤᠤᠯ ᠤᠨ ᠳᠡᠳ᠋ | ᠵᠠᠬᠢᠷᠤᠯ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦᠶ ᠬᠠᠶ ᠴᠧᠨ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠠᠩ ᠤᠨ ᠲᠠᠷᠢᠶᠡᠯᠠᠩ ᠠᠵᠤ ᠠᠬᠤᠶ ᠪᠣᠯᠤᠨ ᠬᠥᠭᠵᠢᠯᠲᠡ ᠶᠢᠨ | ᠰᠤᠳᠤᠯᠭᠠᠨ ᠤ ᠭᠠᠵᠠᠷ ᠤᠨ ᠳᠠᠷᠤᠭ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠠᠩ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠬᠤ᠋ ᠰᠢᠶᠠᠩ ᠳ᠋ᠦᠩ ᠢ | ᠤᠷᠢᠵᠤ ᠲᠤᠰᠬᠠᠶ ᠰᠡᠳᠦᠪᠲᠦ ᠮᠡᠳᠡᠭᠦᠯᠦᠯᠲᠡ ᠬᠢᠯᠭᠡᠪᠡ᠃ ᠬᠤᠰᠢᠭᠤᠨ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠰᠢᠭᠤᠨ ᠳᠤ ᠪᠠᠨ ᠪᠠᠶᠢᠭ᠎ᠠ ᠰᠢᠶᠠᠨ | ᠭᠠᠵᠠᠷ ᠤᠨ ᠳᠡᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠳᠡᠳ᠋ ᠰᠠᠯᠠᠭᠠᠨ ᠳᠡᠰ ᠠᠴᠠ ᠳᠡᠭᠡᠭᠰᠢᠬᠢ | ᠤᠳᠤᠷᠢᠳᠬᠤ ᠺᠠᠳ᠋ᠷ᠂ ᠬᠤᠰᠢᠭᠤᠨ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠲᠥᠪ ᠣᠷᠣᠨ ᠬᠤᠲᠠ ᠶᠢᠨ ᠠᠷᠤ ᠬᠤᠷᠴᠢᠨ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠤᠯ | ᠬᠠᠷᠢᠭᠤᠴᠠᠯᠭᠠᠲᠠᠨ᠂ ᠨᠠᠮ ᠤᠨ ᠰᠤᠷᠭᠠᠭᠤᠯᠢ ᠶᠢᠨ ᠪᠠᠭᠰᠢ ᠨᠠᠷ ᠬᠤᠷᠠᠯ ᠳᠤ ᠣᠷᠣᠯᠴᠠᠪᠠ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ | ᠰᠢᠨ ᠡᠾᠦ᠋ᠢ ᠨᠣᠮ ᠤᠩᠰᠢᠯᠭ᠎ᠠ ᠶᠢᠨ ᠬᠤᠷᠠᠯ ᠢ ᠡᠷᠭᠢᠯᠡᠪᠡ᠃ | ᠯᠢᠦᠶ ᠬᠠᠶ ᠴᠧᠨ᠂ ᠮᠣᠯᠧᠺᠦ᠋ᠯ ᠬᠥᠮᠦᠨ ᠰᠤᠳᠤᠯᠤᠯ ᠤᠨ ᠦᠨᠳᠦᠰᠦᠲᠡᠨ ᠤ ᠬᠥᠭᠵᠢᠯᠲᠡ ᠶᠢᠨ ᠲᠤᠬᠠᠶ | ᠰᠢᠰᠲ᠋ᠧᠮᠲᠤ ᠣᠶᠢᠯᠠᠭᠠᠯᠲᠠ ᠲᠠᠨᠢᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡᠨ | ᠬᠥᠭᠵᠢᠯᠲᠡ ᠬᠤᠪᠢᠰᠤᠯ ᠤᠨ ᠡᠷᠢᠯᠲᠡ ᠬᠠᠶᠢᠯᠳᠡ᠂ ᠠᠮᠧᠷᠢᠺᠠ ᠡᠨᠡᠳᠬᠡᠭ ᠤᠨ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠶᠢᠨ ᠬᠠᠷᠢᠴᠠᠭᠤᠯᠤᠯ ᠲᠣᠯᠢᠯᠠᠯ ᠵᠡᠷᠭᠡ ᠭᠤᠷᠪᠠᠨ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠶ ᠠᠭᠤᠯᠤᠭᠳᠠᠬᠤᠨ᠂ ᠴᠢᠬᠤᠯᠠ ᠶᠡᠭᠡ | ᠠᠴᠢ ᠬᠤᠯᠪᠣᠭᠳᠠᠯ ᠪᠣᠯᠤᠨ ᠦᠢᠯᠡᠳᠣᠯᠭᠡ ᠶᠢᠨ ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ | | | | ᠬᠤ᠋ ᠰᠢᠶᠠᠩ ᠳ᠋ᠦᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠤᠯᠤᠰ ᠲᠥᠷᠥ ᠠᠵᠤ ᠠᠬᠤᠶ ᠶᠢᠨ | ᠪᠠᠶᠢᠳᠠᠯ ᠢ ᠰᠤᠳᠤᠯᠤᠨ ᠮᠠᠭᠠᠳᠯᠠᠬᠤ︔ ᠨᠠᠮ ᠤᠨ ᠲᠥᠪ ᠬᠤᠷᠢᠶᠠᠨ ᠤ ᠠᠯᠢ ᠣᠯᠠᠨ ᠴᠢᠬᠤᠯᠠ ᠪᠠᠶᠢᠷᠢᠯᠠᠭᠤᠯᠤᠯᠲᠠ ᠶᠢ | ᠵᠥᠪ ᠣᠶᠢᠯᠠᠭᠠᠬᠤ︔ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠡᠯᠲᠡ ᠶᠢᠨ | ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠣᠶᠢᠯᠠᠭᠠᠨ ᠡᠵᠡᠮᠳᠡᠬᠦ︔ ᠬᠤᠰᠢᠭᠤ ᠰᠢᠶᠠᠨ ᠬᠡᠷᠬᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠠᠷᠢᠶᠠᠯᠠᠩ ᠬᠥᠳᠡᠭᠡ ᠲᠣᠰᠬᠤᠨ ᠤ | ᠠᠵᠢᠯ ᠢ ᠥᠨᠳᠥᠷ ᠪᠦᠲᠦᠮᠵᠢᠲᠡᠶ ᠥᠷᠨᠢᠭᠦᠯᠬᠦ ᠵᠡᠷᠭᠡ ᠳᠥᠷᠪᠡᠨ ᠲᠠᠯ᠎ᠠ ᠪᠠᠷ ᠣᠳᠣᠬᠠᠨ ᠤ ᠲᠠᠷᠢᠶᠠᠯᠠᠩ ᠬᠥᠳᠡᠭᠡ | ᠲᠣᠰᠬᠤᠨ ᠤ ᠠᠵᠢᠯ ᠤᠨ ᠪᠠᠶᠢᠳᠠᠯ ᠪᠣᠯᠤᠨ ᠡᠭᠦᠷᠭᠡ ᠶᠢ ᠰᠢᠰᠲ᠋ᠧᠮ ᠲᠠᠢ ᠵᠠᠳᠠᠯᠪᠠ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ᠂ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ | ᠦᠵᠡᠯ ᠰᠠᠨᠠᠭ᠎ᠠ ᠪᠠᠨ ᠨᠢᠭᠡᠳᠬᠡᠬᠦ᠂ ᠬᠠᠷᠠᠯᠲᠠ ᠪᠠᠨ ᠨᠢᠭᠡᠳᠬᠡᠬᠦ᠂ ᠠᠵᠢᠯᠯᠠᠭ᠎ᠠ ᠪᠠᠨ ᠨᠢᠭᠡᠳᠬᠡᠬᠦ ᠶᠢ ᠪᠠᠲᠤᠯᠠᠬᠤ | ᠬᠡᠷᠡᠭᠲᠡᠶ᠃ ᠤᠯᠤᠰ ᠲᠥᠷᠥ ᠪᠠ ᠶᠡᠭᠡ ᠲᠠᠯ᠎ᠠ ᠶᠢ ᠪᠣᠳᠣᠯᠬᠢᠯᠠᠬᠤ ᠥᠨᠳᠦᠷᠴᠡ ᠠᠴᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ | ᠲᠤᠭᠤᠰᠢᠯᠠᠭᠤᠯᠬᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠠᠬᠢᠭᠤᠯᠬᠤ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠣᠨ ᠲᠠᠨᠢᠵᠤ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠶᠢᠨ ︽ᠣᠯᠤᠯᠲᠠ︾ ᠶᠢ ᠡᠯ᠎ᠡ ᠵᠦᠢᠯ ᠤᠨ ᠠᠵᠢᠯ ᠦᠢᠯᠡᠰ ᠤᠨ ᠴᠢᠨᠠᠷ | ᠰᠠᠶᠢᠲᠠᠶ ᠬᠥᠭᠵᠢᠯᠲᠠ ᠶᠢ ᠠᠬᠢᠭᠤᠯᠬᠤ ︽ᠠᠮᠵᠢᠯᠲᠠ︾ ᠪᠣᠯᠭᠠᠨ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ᠂ | ᠪᠣᠳᠠᠲᠠᠶ ᠠᠵᠢᠯ ᠬᠢᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠶ ᠭᠡᠪᠡ᠃ ︵ᠰᠠᠶᠢᠬᠠᠡᠬᠤᠸᠠᠷ᠂ ᠯᠢᠦ ᠰᠢᠨ ᠲᠢᠩ︶ |