ᠣᠷᠴᠢᠮ ᠤᠨ ᠡᠳᠦᠷ᠂ ᠪᠠᠶ᠋ᠬᠠᠦ᠋ᠡᠳᠣᠷ ᠰᠤᠮᠤ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ | ᠡᠮᠩᠳᠠᠶᠢᠴᠣᠣᠨ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠡᠮᠩᠳᠠᠶᠢᠴᠣᠣᠨ ᠤᠨ ᠰᠣᠯᠢᠯᠴᠠᠭ᠎ᠠ ᠦᠢᠯᠡᠳᠣᠯᠴᠡᠯ ᠢ | ᠠᠬᠢᠭᠤᠯᠬᠤ ᠵᠣᠷᠢᠯᠭ᠎ᠠ ᠪᠠᠷ ︽ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠡᠮᠩᠳᠠᠶᠢᠴᠣᠣᠨ ᠤᠨ | ᠭᠡᠷᠡᠯ ᠭᠢᠯᠪᠠᠭ᠎ᠠ ᠶᠢ ᠪᠠᠳᠠᠷᠠᠭᠤᠯᠤᠶ᠎ᠠ︾ 3.8 ᠤ ᠳᠡᠯᠡᠬᠡᠶ ᠶᠢᠨ ᠡᠮᠩᠳᠠᠶᠢᠴᠣᠣᠨ ᠤᠨ ᠪᠠᠶᠠᠷ ᠢᠶᠠᠨ ᠪᠡᠯᠭᠡᠯᠡᠬᠦ ᠭᠤᠤᠯ | ᠰᠡᠳᠦᠪᠲᠦ ᠠᠵᠢᠯᠯᠠᠭ᠎ᠠ ᠥᠷᠨᠢᠭᠦᠯᠵᠦ᠂ ᠵᠠᠭᠤ ᠰᠢᠬᠠᠮ ᠡᠮᠩᠳᠠᠶᠢᠴᠣᠣᠨ ᠨᠢᠭᠡ ᠲᠠᠩᠬᠢᠮ ᠳᠤ ᠴᠤᠭᠯᠠᠷᠠᠨ᠂ ᠪᠠᠶᠠᠷ ᠤᠨ | ᠡᠳᠦᠷ ᠢᠶᠠᠨ ᠬᠠᠮᠲᠤ ᠪᠠᠷ ᠲᠡᠮᠳᠡᠭᠯᠡᠭᠰᠡᠨ ᠪᠠᠶᠢᠨ᠎ᠠ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠮᠠᠯᠴᠢᠨ ᠡᠮᠩᠳᠠᠶᠢᠴᠣᠣᠨ ᠦᠨᠳᠦᠰᠦᠲᠡᠨ ᠤ ᠬᠤᠪᠴᠠᠰᠤ | ᠵᠠᠰᠠᠯ ᠢᠶᠠᠷ ᠢᠶᠠᠨ ᠭᠤᠶᠣᠯᠠᠵᠤ᠂ ᠳᠠᠭᠤᠤ ᠪᠥᠵᠢᠭ᠂ ᠰᠢᠯᠦᠭ ᠤᠶᠠᠩᠭᠠᠯᠠᠬᠤ ᠵᠡᠷᠭᠡ ᠭᠤᠴᠣ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠭᠠᠷᠭᠠᠵᠤ᠂ ᠲᠠᠯ᠎ᠠ ᠨᠤᠲᠤᠭ ᠤᠨ ᠡᠮᠩᠳᠠᠶᠢᠴᠣᠣᠨ ᠤᠨ ᠡᠷᠴᠢ ᠵᠣᠷᠢᠭ ᠪᠣᠯᠤᠨ | ᠠᠮᠢᠵᠢᠷᠠᠯ ᠤᠨ ᠬᠦᠴᠦᠨ ᠢ ᠢᠯᠡᠷᠡᠭᠦᠯᠪᠡ᠃ ᠰᠣᠨᠢᠷᠬᠠᠯᠲᠤ ᠲᠣᠭᠯᠠᠭᠠᠮ᠂ ᠤᠯᠠᠮᠵᠢᠯᠠᠯᠲᠤ ᠴᠠᠭᠠᠨ ᠢᠳᠡᠭᠡᠨ ᠤ | ᠦᠵᠡᠭᠦᠯᠭᠡ ᠵᠡᠷᠭᠡ ᠭᠤᠭᠴᠤᠭ᠎ᠠ ᠨᠢ ᠵᠠᠩ ᠵᠠᠩᠰᠢᠯ ᠰᠣᠶᠣᠯ ᠢᠷᠭᠡᠨᠰᠢᠯ ᠪᠣᠯᠤᠨ ᠣᠳᠣ ᠦᠶ᠎ᠡ ᠶᠢᠨ ᠰᠣᠨᠢᠷᠬᠠᠯ ᠢ | ᠨᠢᠭᠲᠠ ᠤᠶᠠᠯᠳᠤᠭᠤᠯᠵᠤ᠂ ᠣᠯᠠᠨ ᠤ ᠮᠠᠭᠲᠠᠭᠠᠯ ᠤᠤᠬᠠᠶᠢᠯᠠᠯ ᠢ ᠣᠯᠤᠭᠰᠠᠨ ᠪᠠᠶᠢᠨ᠎ᠠ᠃ ᠲᠤᠰ ᠠᠵᠢᠯᠯᠠᠭ᠎ᠠ ᠳᠤ | ᠪᠠᠰᠠ ᠭᠠᠴᠠᠭ᠎ᠠ ᠶᠢᠨ ︽ᠬᠠᠮᠤᠭ ᠤᠨ ᠭᠤᠶᠤ ᠭᠡᠷ ᠪᠦᠯᠢ︾ ︽ᠡᠮᠡᠭᠲᠡᠶ ᠴᠢᠳᠠᠪᠤᠷᠢᠲᠠᠨ︾ ᠵᠡᠷᠭᠡ ᠲᠡᠷᠢᠭᠦᠨ ᠤ | ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠵᠤ᠂ ᠥᠷᠭᠡᠨ ᠣᠯᠠᠨ ᠪᠦᠰᠡᠭᠦ᠋ᠢᠴᠦᠳ ᠤᠨ ᠭᠡᠷ ᠪᠦᠯᠢ ᠳᠡᠭᠡᠨ | ᠰᠠᠭᠤᠷᠢᠯᠠᠵᠤ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠶᠢ ᠤᠷᠮᠠᠰᠢᠭᠤᠯᠤᠨ ᠵᠣᠷᠢᠭᠵᠢᠭᠤᠯᠵᠠᠶ᠃ ᠰᠤᠮᠤᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠲᠤᠬᠠᠶ ᠶᠢᠨ ᠲᠠᠯᠠᠪᠤᠷ ᠲᠤ ᠬᠦᠷᠴᠦ ᠪᠠᠶᠠᠷ ᠤᠨ ᠦᠭᠡ ᠬᠡᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠡᠮᠩᠳᠠᠶᠢᠴᠣᠣᠨ ᠤᠨ ᠴᠢᠬᠤᠯᠠ ᠦᠢᠯᠡᠳᠦᠯ ᠢ ᠨᠤᠲᠠᠯᠠᠬᠤ ᠶᠢᠨ | ᠬᠠᠮᠲᠤ ᠪᠦᠬᠦ ᠨᠡᠶᠢᠭᠡᠮ ᠢᠶᠠᠷ ᠢᠶᠠᠨ ᠡᠮᠩᠳᠠᠶᠢᠴᠣᠣᠨ ᠤᠨ ᠡᠷᠬᠡ ᠠᠰᠢᠭ ᠦᠷᠭᠦᠯᠵᠢᠯᠡᠨ ᠬᠠᠯᠠᠮᠵᠢᠯᠠᠨ ᠬᠠᠶᠢᠷᠠᠯᠠᠬᠤ ᠶᠢ | ᠤᠷᠢᠶᠠᠯᠠᠪᠠ᠃ | | | | | | ᠲᠤᠬᠠᠶ ᠶᠢᠨ ᠲᠠᠯᠠᠪᠠᠶ ᠬᠥᠷ ᠨᠠᠷᠭᠢᠶᠠᠨ ᠪᠠᠶᠠᠷ ᠬᠥᠷ ᠢᠶᠠᠷ ᠪᠢᠯᠬᠠᠵᠤ᠂ ᠡᠮᠩᠳᠠᠶᠢᠴᠣᠣᠨ ᠡᠨᠡᠬᠦ ᠠᠵᠢᠯᠯᠠᠭ᠎ᠠ | ᠨᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠨᠢᠭᠲᠠᠷᠠᠯ ᠤᠨ ᠬᠦᠴᠦᠨ ᠪᠠ | ᠬᠠᠷᠢᠶᠠᠯᠠᠭᠳᠠᠬᠤ ᠰᠡᠳᠬᠢᠯᠭᠡ ᠶᠢ ᠴᠦ ᠨᠡᠮᠡᠭᠳᠡᠭᠦᠯᠵᠡᠶ᠃ ᠬᠤᠶᠢᠰᠢᠳᠠ ᠭᠠᠴᠠᠭ᠎ᠠ ᠲᠣᠰᠬᠤᠨ ᠤ ᠬᠢᠨ | ᠡᠮᠩᠳᠠᠶᠢᠴᠣᠣᠨ ᠤᠨ ᠬᠥᠭᠵᠢᠯᠲᠡ ᠶᠢᠨ ᠲᠠᠪᠴᠠᠩ ᠢ ᠦᠷᠭᠦᠯᠵᠢᠯᠡᠨ ᠪᠠᠶᠢᠭᠤᠯᠵᠤ᠂ ᠰᠢᠯᠢᠳᠡᠭ ᠰᠣᠶᠣᠯ ᠢ | ᠤᠯᠠᠮᠵᠢᠯᠠᠵᠤ᠂ ᠮᠠᠯᠵᠢᠬᠤ ᠣᠷᠣᠨ ᠤ ᠡᠮᠩᠳᠠᠶᠢᠴᠣᠣᠨ ᠤᠨ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠪᠠᠨ | ᠰᠠᠴᠤᠷᠠᠭᠤᠯᠬᠤ ᠳᠤ ᠬᠦᠴᠦ ᠨᠡᠮᠡᠷᠢᠯᠡᠨ᠎ᠡ ᠭᠡᠵᠦ ᠢᠯᠡᠳᠬᠡᠵᠡᠭᠡᠪᠡ᠃ ︵ᠤᠷᠭᠤᠮᠠᠯ︶ | | | | |