︽ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ ᠵᠠᠯᠠᠭᠤᠴᠤᠳ︾ ᠲᠤ ᠴᠡᠷᠢᠭ ᠤᠨ ᠠᠯᠪᠠᠨ ᠠᠴᠠ ᠡᠮᠦᠨᠡᠬᠢ ︽ᠴᠡᠷᠢᠭ ᠲᠤ ᠣᠷᠣᠬᠤ︾ ᠦᠵᠡᠯ ᠰᠠᠨᠠᠭ᠎ᠠ ᠪᠣᠯᠤᠨ ᠪᠡᠶ᠎ᠡ ᠮᠠᠬᠠᠪᠣᠳ ᠤᠨ ᠲᠠᠯ᠎ᠠ ᠪᠠᠷ ᠬᠢ ᠪᠣᠯᠪᠠᠰᠣᠷᠡᠯ ᠬᠢᠪᠡ
ᠨᠡᠶᠢᠲᠡᠯᠡᠭᠰᠡᠨ ᠴᠠᠭ᠄
2025/3/11
       ᠪᠥᠬᠦ ᠤᠯᠤᠰ ᠤᠨ ︽ᠬᠤᠶᠠᠷ ᠬᠤᠷᠠᠯ︾ ᠠᠮᠵᠢᠯᠲᠠ ᠲᠠᠢ ᠬᠤᠷᠠᠯᠳᠤᠬᠤ ᠲᠠᠰᠢᠷᠠᠮ ᠳᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠴᠠᠭ ᠲᠣᠬᠢᠶᠠᠯ ᠢ ᠠᠮᠵᠢᠨ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠴᠡᠷᠢᠭ ᠤᠨ ᠠᠯᠪᠠᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠣᠯᠠᠨ ᠬᠡᠯᠪᠡᠷᠢ ᠶᠢᠨ ᠰᠤᠷᠤᠯᠴᠠᠵᠤ ᠤᠬᠠᠭᠤᠯᠤᠨ ᠨᠡᠪᠲᠡᠷᠡᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠥᠷᠨᠢᠭᠦᠯᠵᠦ᠂ ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ ᠵᠠᠯᠠᠭᠤᠴᠤᠳ ᠤᠨ ᠴᠡᠷᠢᠭ ᠪᠣᠯᠪᠠᠰᠤᠷᠠᠭᠤᠯᠬᠤ ᠬᠥᠳᠡᠯᠭᠡᠬᠦ ᠬᠦᠴᠦᠨ ᠪᠠ ᠤᠯᠤᠰ ᠲᠠᠭᠠᠨ ᠬᠦᠴᠦ ᠪᠠᠨ ᠡᠷᠭᠦᠬᠦ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠡᠶ᠃
       ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠰᠠᠨ ᠤ ᠳᠠᠷᠠᠭ᠎ᠠ ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ ᠵᠠᠯᠠᠭᠤᠴᠤᠳ ᠤᠨ ᠲᠤᠬᠠᠶ ᠬᠥᠭᠵᠢᠶᠡᠨᠲᠡᠶ ᠶᠠᠷᠢᠯᠴᠠᠭ᠎ᠠ ᠥᠷᠨᠢᠭᠦᠯᠵᠦ᠂ ᠢᠯᠠᠩᠭᠤᠶ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠠᠭᠤᠯᠭ᠎ᠠ ᠶᠢ ᠣᠯᠠᠨ ᠢᠶᠠᠷ ᠢᠶᠠᠨ ᠥᠪᠡᠷ ᠥᠪᠡᠷ ᠤᠨ ᠣᠶᠢᠯᠠᠭᠠᠯᠴᠠᠭ᠎ᠠ ᠪᠠᠨ ᠶᠠᠷᠢᠵᠠᠭᠠᠵᠤ᠂ ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ‍ ᠨᠢᠭᠡ ᠵᠠᠯᠠᠭᠤ ᠰᠤᠷᠪᠤᠯᠵᠢᠯᠠᠭᠴᠢ ᠳᠤ ︽ᠵᠠᠰᠠᠭ ᠤᠨ ᠣᠷᠳᠣᠨ ᠤ ᠢᠯᠡᠳᠬᠡᠯ ᠳᠤ ᠳᠤᠷᠠᠳᠤᠭᠰᠠᠨ ︿ᠰᠢᠨ᠎ᠡ ᠣᠷᠣᠨ ᠰᠢᠨ᠎ᠡ ᠴᠢᠨᠠᠷ ᠴᠢᠨᠰᠠᠭ᠎ᠠ ᠶᠢᠨ ᠪᠠᠶᠢᠯᠳᠤᠬᠤ ᠬᠦᠴᠦᠨ ᠤ ᠪᠠᠶᠢᠭᠤᠯᠤᠯᠲᠠ ᠶᠢ ᠲᠦᠷᠭᠡᠳᠬᠡᠬᠦ﹀ ᠲᠤᠬᠠᠶ ᠠᠭᠤᠯᠭ᠎ᠠ ᠨᠠᠳᠠ ᠳᠤ ᠭᠦᠨ ᠰᠠᠭᠤᠭᠳᠠᠯ ᠥᠭᠴᠡᠶ᠂ ᠬᠡᠷᠪᠡ ᠴᠡᠷᠢᠭ ᠲᠤ ᠤᠷᠤᠭᠰᠢᠲᠠᠶ ᠤᠷᠤᠬᠤ ᠳᠤ ᠬᠦᠷᠪᠡᠯ᠂ ᠪᠢ ᠯᠠᠪᠲᠠᠶ ᠴᠢᠷᠮᠠᠶᠢᠨ ᠪᠣᠯᠪᠠᠰᠤᠷᠠᠵᠤ᠂ ᠡᠷᠲᠡᠭᠡᠨ ᠨᠢᠭᠡᠨ ᠰᠢᠯᠢᠳᠡᠭ ᠴᠡᠷᠢᠭ ᠪᠣᠯᠬᠤ ᠪᠠᠷ ᠴᠢᠷᠮᠠᠶᠢᠵᠤ᠂ ᠴᠡᠷᠢᠭ ᠠᠩᠭᠢ ᠶᠢᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠨ᠎ᠡ᠃
       ᠦᠵᠡᠯ ᠰᠠᠨᠠᠭᠠᠨ ᠤ ᠬᠢᠴᠢᠶᠡᠯ ᠤᠨ ᠳᠠᠷᠠᠭ᠎ᠠ᠂ ᠲᠡᠳᠡ ᠪᠠᠴᠢᠮ ᠶᠠᠭᠠᠷᠠᠦ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠠᠬᠤᠶ ᠲᠠᠯᠠᠪᠠᠢ ᠳᠤ᠂ ᠣᠯᠠᠨ ᠢᠶᠠᠷ ᠢᠶᠠᠨ ᠰᠦᠷ ᠵᠢᠪᠬᠤᠭ᠎ᠠ ᠲᠠᠢ᠂ ᠨᠢᠳᠦᠨ ᠳᠤ ᠪᠠᠨ ᠭᠠᠯ ᠲᠠᠢ᠂ ᠴᠡᠭᠡᠵᠢ ᠲᠡᠨᠢᠭᠦᠨ ᠵᠢᠪᠬᠤᠭ᠎ᠠ ᠲᠡᠭᠦᠯᠳᠡᠷ ᠪᠠᠶᠢᠵᠤ᠂ ᠬᠠᠮᠤᠭ ᠤᠨ ᠢᠲᠡᠭᠡᠯ ᠳᠦᠭᠦᠷᠡᠩ ᠪᠠᠶᠢᠳᠡᠯ ᠢᠶᠠᠷ ᠥᠷᠢᠰᠥᠯᠳᠦᠭᠡᠨ ᠰᠢᠯᠭᠠᠯᠲᠠ ᠪᠦᠬᠦᠨ ᠢ ᠤᠭᠲᠤᠬᠤ ᠪᠠᠷ ᠬᠦᠴᠦᠯᠡᠨ  ᠴᠢᠷᠮᠠᠶᠢᠨ᠎ᠠ᠃ ᠡᠭᠦᠨ ᠠᠴᠠ ᠭᠠᠳᠠᠨ᠎ᠠ ᠪᠠᠰᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠣᠭᠤᠳᠬᠤ ᠠᠵᠢᠯ ᠢ ᠲᠤᠰᠬᠠᠶ ᠰᠡᠳᠦᠪ ᠢᠶᠠᠷ ᠥᠷᠨᠢᠭᠦᠯᠵᠦ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠣᠷᠢᠯᠠᠬᠤ ᠪᠠᠷ ᠳᠠᠮᠵᠢᠭᠤᠯᠵᠤ᠂ ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ ᠵᠠᠯᠠᠭᠤᠴᠤᠳ ᠢ ᠬᠠᠪᠰᠤᠷᠤᠨ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠨᠠᠩ ᠰᠠᠶᠢᠲᠤᠷ ᠣᠶᠢᠯᠠᠭᠠᠭᠤᠯᠵᠠᠢ᠃
       ᠲᠤᠰ ᠤᠳᠠᠭᠠᠨ ᠤ ᠴᠡᠷᠢᠭ ᠤᠨ ᠠᠯᠪᠠ ᠠᠴᠠ ᠡᠮᠦᠨᠡᠬᠢ ᠰᠤᠷᠭᠠᠨ ᠬᠥᠮᠦᠵᠢᠯ ᠢ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠭᠰᠠᠨ ᠨᠢ ᠨᠢᠭᠡ ᠤᠳᠠᠭᠠᠨ ᠤ ᠪᠡᠶ᠎ᠡ ᠮᠠᠬᠠᠪᠣᠳ ᠤᠨ ᠪᠣᠯᠪᠠᠰᠤᠷᠠᠯ ᠪᠣᠯᠬᠤ ᠲᠡᠳᠦᠶ ᠦᠭᠡᠢ᠂ ᠨᠠᠩ ᠴᠦ ᠨᠢᠭᠡ ᠤᠳᠠᠭᠠᠨ ᠤ ᠦᠵᠡᠯ ᠰᠠᠨᠠᠭᠠᠨ ᠤ ᠬᠢᠴᠢᠶᠡᠯ ᠪᠣᠯᠬᠤ ᠶᠤᠮ᠃ ᠴᠡᠷᠢᠭ ᠲᠤ ᠡᠯᠰᠡᠭᠳᠡᠬᠦ ᠨᠥᠬᠦᠴᠡᠯ ᠳᠤ ᠨᠡᠶᠢᠴᠡᠬᠦ ᠵᠠᠯᠠᠭᠤᠴᠤᠳ ᠢ ᠵᠣᠬᠢᠶᠠᠨ ᠪᠠᠶᠢᠭᠤᠯᠵᠤ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠭᠤᠯᠬᠤ ᠪᠠᠷ ᠳᠠᠮᠵᠢᠭᠤᠯᠵᠤ᠂ ᠲᠡᠳᠡᠨ ᠤ ᠤᠯᠤᠰ ᠲᠥᠷᠥ ᠶᠢᠨ ᠢᠲᠡᠭᠡᠯ ᠢ ᠤᠯᠠᠮ ᠴᠢᠨᠠᠭᠰᠢᠳᠠ ᠪᠠᠲᠤᠳᠬᠠᠵᠤ᠂ ᠲᠡᠳᠡᠨ ᠤ ᠴᠡᠷᠢᠭ ᠪᠣᠯᠪᠠᠰᠤᠷᠠᠭᠤᠯᠬᠤ ᠬᠥᠳᠡᠯᠭᠡᠬᠦ ᠬᠦᠴᠦᠨ ᠪᠣᠯᠤᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠬᠠᠯᠠᠭᠤᠨ ᠰᠡᠳᠬᠢᠯᠭᠡ ᠶᠢ ᠬᠥᠭᠵᠢᠭᠡᠵᠡᠶ᠃ ︵ᠵᠤᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号