ᠣᠶᠢᠷ᠎ᠠ ᠶᠢᠨ ᠡᠳᠦᠷ᠂ ᠪᠡᠭᠡᠵᠢᠩ ᠤᠨ ᠴᠠᠩᠫᠢᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠤ ᠬᠤᠷᠴᠢᠨ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠤᠯᠯᠨ ᠡᠷᠬᠢᠯᠡᠭᠰᠡᠨ ︽ᠤᠷᠢᠬᠠᠨ ᠬᠠᠪᠤᠷ ᠤᠨ | ᠠᠵᠢᠯᠯᠠᠭ᠎ᠠ ᠪᠠᠷ ᠠᠵᠢᠯ ᠤᠨ ᠪᠠᠶᠢᠷᠢ ᠬᠠᠩᠭᠠᠨ ᠠᠵᠢᠯ ᠣᠯᠭᠤᠯᠲᠠ ᠶᠢ ᠠᠬᠢᠭᠤᠯᠵᠤ᠂ ᠨᠠᠷᠢᠯᠢᠭ ᠣᠨᠣᠴᠠᠲᠠᠶ | ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾-ᠠᠷᠤ ᠬᠤᠷᠴᠢᠨ ᠬᠤᠰᠢᠭᠤᠨ ᠤ 2025 | ᠣᠨ ᠤ ᠤᠷᠢᠬᠠᠨ ᠬᠠᠪᠤᠷ ᠤᠨ ᠠᠵᠢᠯᠯᠠᠭ᠎ᠠ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠬᠠᠶ ᠶᠢᠨ | ᠲᠠᠯᠠᠪᠠᠢ ᠶᠢᠨ ᠠᠵᠢᠯᠴᠢᠨ ᠡᠯᠰᠡᠬᠦ ᠴᠤᠭᠯᠠᠭᠠᠨ ᠸᠧᠨᠵᠧᠦ ᠨᠥᠬᠦᠷᠯᠡᠯ ᠬᠤᠳᠠᠯᠳᠤᠭᠠᠨ ᠤ ᠭᠠᠵᠠᠷ ᠤᠨ ᠨᠢᠭᠡᠳᠦᠭᠡᠷ | ᠳᠠᠪᠬᠤᠷᠯᠢᠭ ᠲᠤ ᠠᠮᠵᠢᠯᠲᠠ ᠲᠠᠢ ᠶᠠᠪᠤᠭᠳᠠᠪᠠ᠃ ᠲᠤᠰ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠨᠢ | ᠦᠢᠯᠡᠴᠢᠯᠡᠭᠡᠨ ᠤ ᠠᠵᠢᠯ ᠤᠨ ᠲᠠᠪᠴᠠᠩ ᠲᠣᠬᠢᠷᠠᠭᠤᠯᠵᠤ᠂ ᠠᠵᠢᠯᠲᠠᠳ ᠠᠴᠠ ᠠᠵᠢᠯ ᠣᠯᠭᠤᠯᠲᠠ᠂ ᠠᠳᠠᠯ ᠦᠢᠯᠡᠰ | ᠴᠣᠭᠴᠠᠯᠠᠬᠤ ᠪᠣᠯᠪᠠᠰᠤᠷᠠᠯ ᠰᠤᠷᠤᠯᠴᠠᠯᠭ᠎ᠠ ᠶᠢᠨ ᠬᠠᠮᠢᠶ᠎ᠠ ᠪᠦᠬᠦᠢ ᠠᠰᠠᠭᠤᠨ ᠯᠠᠪᠯᠠᠯᠲᠠ ᠳᠤ ᠬᠠᠷᠢᠭᠤᠯᠲᠠ ᠥᠭᠬᠦ | ᠦᠢᠯᠡᠴᠢᠯᠡᠭᠡ ᠬᠠᠩᠭᠠᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯ ᠡᠷᠢᠭᠰᠡᠳ ᠲᠤ | ᠨᠠᠷᠢᠯᠢᠭ ᠣᠨᠣᠪᠴᠢᠲᠠᠶ᠂ ᠳᠥᠭᠦᠮ ᠳᠥᠲᠡ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠠᠶ᠃ | | | | ᠲᠤᠰ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠨᠢ ︽ᠰᠦᠯᠵᠢᠶᠡᠨ ᠳᠡᠭᠡᠷᠡᠬᠢ + ᠰᠦᠯᠵᠢᠶᠡᠨ | ᠭᠠᠳᠠᠨᠠᠬᠢ︾ ᠵᠠᠭᠪᠤᠷ ᠢ ᠬᠡᠷᠡᠭᠯᠡᠨ᠂ ᠳᠥᠭᠦᠮ ᠳᠥᠲᠡ ᠪᠥᠭᠡᠳ ᠥᠨᠳᠥᠷ ᠦᠷ᠎ᠡ ᠪᠦᠲᠦᠮᠵᠢᠲᠡᠶ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠥᠮᠦᠨ ᠤ ᠬᠦᠴᠦᠨ ᠤ | ᠡᠬᠢ ᠪᠠᠶᠠᠯᠢᠭ ᠬᠢᠭᠡᠳ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠪᠠᠷ ᠵᠣᠯᠭᠠᠭᠤᠯᠬᠤ ᠶᠢ | ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠢᠯ ᠣᠯᠭᠤᠯᠲᠠ ᠶᠢ ᠠᠬᠢᠭᠤᠯᠤᠨ᠂ ᠠᠷᠠᠳ ᠤᠨ | ᠠᠮᠢᠳᠣᠷᠡᠯ ᠢ ᠪᠠᠲᠤᠯᠠᠪᠠ᠃ ᠠᠵᠢᠯᠴᠢᠨ ᠡᠯᠰᠡᠬᠦ ᠴᠤᠭᠯᠠᠭᠠᠨ ᠳᠤ 70 ᠭᠠᠷᠤᠶ ᠠᠵᠤ ᠠᠬᠤᠶᠢᠯᠠᠯ ᠢᠳᠡᠪᠬᠢᠲᠡᠶ ᠨᠡᠷ᠎ᠡ | ᠮᠡᠳᠡᠭᠦᠯᠦᠨ ᠣᠷᠣᠯᠴᠠᠵᠤ᠂ ᠦᠢᠯᠡᠣᠡᠬᠦ ᠦᠢᠯᠡᠰ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠭᠡᠷ ᠤᠨ | ᠶᠠᠪᠤᠳᠠᠯ ᠤᠨ ᠦᠢᠯᠡᠴᠢᠯᠡᠭᠡ᠂ ᠪᠣᠷᠣᠯᠠᠭᠤᠯᠭ᠎ᠠ᠂ ᠠᠮᠤᠷ ᠢ ᠬᠠᠮᠠᠭᠠᠯᠠᠬᠤ ᠵᠡᠷᠭᠡ ᠣᠯᠠᠨ ᠠᠵᠢᠯ ᠲᠥᠷᠥᠯ ᠤᠨ | ᠬᠦᠷᠢᠶ᠎ᠡ ᠶᠢ ᠬᠠᠮᠤᠷᠴᠤ᠂ 1900 ᠭᠠᠷᠤᠶ ᠠᠵᠢᠯ ᠤᠨ ᠪᠠᠶᠢᠷᠢ ᠬᠠᠩᠭᠠᠨ ᠠᠳᠠᠯᠢ ᠪᠤᠰᠤ ᠠᠵᠢᠯ ᠡᠷᠢᠭᠰᠡᠳ ᠤᠨ | ᠬᠡᠷᠡᠭᠴᠡᠭᠡ ᠱᠠᠭᠠᠷᠳᠠᠯᠭ᠎ᠠ ᠶᠢ ᠭᠦᠢᠴᠡᠣᠨ ᠬᠠᠩᠭᠠᠵᠠᠶ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ | ᠠᠵᠢᠯᠴᠢᠨ ᠡᠯᠰᠡᠬᠦ ᠴᠤᠭᠯᠠᠭᠠᠨ ᠤ ᠠᠬᠤᠶ ᠲᠠᠯᠠᠪᠠᠢ ᠶᠢᠨ ᠠᠵᠢᠯᠯᠠᠭ᠎ᠠ ᠳᠤ 1000 ᠭᠠᠷᠤᠶ ᠬᠥᠮᠦᠨ᠂ ᠰᠦᠯᠵᠢᠶᠡᠨ | ᠳᠡᠭᠡᠷᠡᠬᠢ ᠠᠵᠢᠯᠯᠠᠭ᠎ᠠ ᠳᠤ 9000 ᠭᠠᠷᠤᠶ ᠬᠥᠮᠦᠨ ᠣᠷᠣᠯᠴᠠᠵᠤ᠂ 336 ᠬᠥᠮᠦᠨ ︵ᠰᠦᠯᠵᠢᠶᠡᠨ ᠳᠡᠭᠡᠷ᠎ᠡ | 296 ᠬᠥᠮᠦᠨ + ᠰᠦᠯᠵᠢᠶᠡᠨ ᠭᠠᠳᠠᠨ᠎ᠠ 40 ᠬᠥᠮᠦᠨ︶ ᠠᠩᠬ᠎ᠠ ᠠᠯᠬᠤᠮ ᠤᠨ ᠠᠵᠢᠯ ᠣᠯᠭᠤᠯᠲᠠ ᠶᠢᠨ ᠰᠠᠨᠠᠮᠵᠢ | ᠲᠤᠭᠲᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠮᠢᠶ᠎ᠠ | ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠶ ᠬᠤᠪᠢ ᠲᠠᠷᠬᠠᠭᠠᠵᠤ᠂ 300 ᠭᠠᠷᠤᠶ ᠬᠥᠮᠦᠨ | ᠤᠳᠠᠭ᠎ᠠ ᠶᠢᠨ ᠠᠰᠠᠭᠤᠨ ᠯᠠᠪᠯᠠᠯᠲᠠ ᠳᠤ ᠬᠠᠷᠢᠭᠤᠯᠲᠠ ᠥᠭᠬᠦ ᠦᠢᠯᠡᠴᠢᠯᠡᠭᠡ ᠬᠠᠩᠭᠠᠪᠠ᠃ | | | | ᠬᠤᠰᠢᠭᠤᠨ ᠠᠵᠢᠯ ᠣᠯᠭᠤᠬᠤ ᠦᠢᠯᠡᠴᠢᠯᠡᠭᠡᠨ ᠤ ᠲᠥᠪ ᠨᠢ ᠠᠵᠢᠯ ᠣᠯᠭᠤᠬᠤ ᠦᠢᠯᠡᠴᠢᠯᠡᠭᠡ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠬᠡᠷᠡᠭᠯᠡᠬᠦ | ᠨᠢᠭᠡᠴᠡ ᠪᠣᠯᠤᠨ ᠠᠵᠢᠯ ᠡᠷᠢᠭᠰᠡᠳ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯ ᠢ ᠣᠯᠠᠨ ᠠᠷᠭ᠎ᠠ ᠵᠠᠮ | ᠰᠦᠪᠡᠭᠴᠢᠯᠡᠨ ᠪᠦᠬᠦ ᠲᠠᠯ᠎ᠠ ᠪᠠᠷ ᠰᠠᠶᠢᠲᠤᠷ ᠬᠢᠵᠦ᠂ ᠥᠷᠭᠡᠨ ᠣᠯᠠᠨ ᠠᠵᠢᠯ ᠡᠷᠢᠭᠰᠡᠳ ᠢ ᠬᠠᠪᠰᠤᠷᠤᠨ ᠴᠢᠨᠠᠷ | ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠲᠦᠯᠬᠢᠨ ᠠᠬᠢᠭᠤᠯᠬᠤ ᠪᠣᠯᠤᠨ᠎ᠠ᠃ ︵ᠤᠷᠭᠤᠮᠠᠯ︶ | | |