ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠤᠨ ᠹᠧᠶ ᠾᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠣᠶᠤᠨᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/3/11
       3 ᠰᠠᠷ᠎ᠠ ᠶᠢᠨ 7 ᠤ ᠦᠳᠡ ᠶᠢᠨ ᠡᠮᠦᠨ᠎ᠡ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠤᠨ ᠹᠧᠶ ᠾᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠹᠧᠶ ᠾᠧ ︵ᠠᠷᠤ ᠬᠤᠷᠴᠢᠨ︶ ᠣᠶᠤᠨᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠴᠠᠭᠠᠨ ᠢᠳᠡᠭᠡ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤᠨ ᠳᠠᠷᠤᠭ᠎ᠠ ᠴᠧᠨ ᠬᠤ᠋ ᠨᠠᠨ ᠭᠠᠷ ᠤᠨ ᠦᠰᠦᠭ ᠵᠢᠷᠤᠬᠤ ᠶᠣᠰᠣᠯᠠᠯ ᠢ ᠡᠷᠭᠢᠯᠡᠪᠡ  ᠃ ᠬᠤᠰᠢᠭᠤᠨ ᠳᠡᠳ᠋ ᠳᠠᠷᠤᠭ᠎ᠠ ᠶᠠᠨ ᠰᠢᠤᠸᠠᠢ ᠲᠤᠤ᠂ ᠹᠧᠶ ᠾᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠰᠦᠨ ᠵᠢᠶᠠᠨ ᠭᠦᠸᠧ᠂ ᠢᠨᠵᠧᠨᠧᠷᠢᠩ ᠤᠨ ᠲᠥᠪ ᠤᠨ ᠳᠠᠭᠠᠭᠠᠮᠠᠯ ᠦ᠋ ᠵᠢᠶᠦ᠋ᠨ᠂ ᠰᠦ ᠶᠢᠨ ᠢᠷᠡᠯᠲᠡ ᠶᠢᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠵᠢᠶᠠ ᠵᠧᠨ ᠮᠢᠩ ᠶᠣᠰᠣᠯᠠᠯ ᠳᠤ ᠣᠷᠣᠯᠴᠠᠪᠠ᠃ ᠶᠣᠰᠣᠯᠠᠯ ᠳᠡᠭᠡᠷ᠎ᠡ᠂ ᠶᠠᠨ ᠰᠢᠤᠸᠠᠢ ᠲᠤᠤ ᠬᠠᠮᠲᠤᠷᠠᠯᠴᠠᠭᠠᠨ ᠤ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠦ᠋ ᠵᠢᠶᠦ᠋ᠨ ᠠᠵᠤ ᠠᠬᠤᠶᠢᠯᠠᠯ ᠤᠨ ᠬᠥᠭᠵᠢᠯᠲᠡ ᠪᠠ  ᠦᠢᠯᠡᠣᠡᠪᠣᠷᠢᠯᠡᠯ ᠤᠨ ᠤᠷ᠎ᠠ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢᠨ ᠪᠠᠶᠢᠳᠠᠯ ᠢ ᠲᠠᠨᠢᠯᠴᠠᠭᠤᠯᠵᠠᠶ᠃
       ᠰᠦᠨ ᠵᠢᠶᠠᠨ ᠭᠦᠸᠧ ᠢᠯᠡᠷᠬᠡᠶᠢᠯᠡᠬᠦ ᠳᠡᠭᠡᠨ᠂ ᠹᠧᠶ ᠾᠧ ︵ᠠᠷᠤ ᠬᠤᠷᠴᠢᠨ︶ ᠣᠶᠤᠨᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠢᠳᠡᠪᠬᠢᠲᠡᠶ ᠠᠬᠢᠯᠲᠠ ᠨᠢ ᠠᠷᠤ ᠬᠤᠷᠴᠢᠨ ᠬᠤᠰᠢᠭᠤᠨ ᠤ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠠᠴᠠ ᠪᠣᠯᠤᠭᠰᠠᠨ ᠶᠤᠮ᠃ ᠪᠦᠯᠦᠭᠯᠡᠯ ᠨᠢ ᠲᠤᠰ ᠪᠡᠶ᠎ᠡ ᠶᠢᠨ ᠨᠠᠷᠡᠲᠤ ᠲᠡᠮᠳᠡᠭᠲᠦ᠂ ᠰᠢᠨᠵᠢᠯᠡᠬᠦ ᠤᠬᠠᠭᠠᠨ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠳᠠᠪᠠᠭᠤᠯᠢᠭ ᠲᠠᠭᠠᠨ ᠲᠦᠰᠢᠭᠯᠡᠨ᠂ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠲᠤᠷᠰᠢᠨ ᠪᠠᠶᠢᠭᠤᠯᠬᠤ ᠪᠠᠷ ᠴᠢᠷᠮᠠᠶᠢᠨ᠎ᠠ ᠭᠡᠪᠡ᠃
       ᠸᠧᠶ ᠪᠢᠯᠢᠭ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠹᠧᠶ ᠾᠧ ᠪᠦᠯᠦᠭᠯᠡᠯ ᠤᠨ ᠠᠷᠤ ᠬᠤᠷᠴᠢᠨ ᠬᠤᠰᠢᠭᠤ ᠲᠠᠢ ᠭᠠᠷ ᠬᠤᠯᠪᠣᠨ ᠨᠥᠬᠦᠷᠯᠡᠯ ᠢᠶᠠᠨ ᠦᠷᠭᠦᠯᠵᠢᠯᠡᠭᠦᠯᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠹᠸᠢ ᠾᠧ ᠪᠦᠯᠦᠭᠯᠡᠯ ᠨᠢ ᠪᠦᠬᠦ ᠤᠯᠤᠰ ᠤᠨ ᠴᠠᠭᠠᠨ ᠢᠳᠡᠭᠡ ᠶᠢᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠷᠤ ᠬᠤᠷᠴᠢᠨ ᠬᠤᠰᠢᠭᠤ ᠲᠠᠢ ᠳᠠᠬᠢᠨᠲᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠭᠰᠡᠨ ᠨᠢ ᠹᠧᠶ ᠾᠧ ᠪᠦᠯᠦᠭᠯᠡᠯ ᠤᠨ ᠰᠦ ᠶᠢᠨ ᠦᠢᠯᠡᠰ ᠢ ᠬᠥᠭᠵᠢᠭᠦᠯᠦᠨ ᠢᠷᠡᠭᠡᠳᠦᠶ ᠪᠠᠨ ᠣᠶᠤᠨᠴᠢ ᠪᠠᠷ ᠴᠣᠭᠴᠠᠯᠠᠬᠤ ᠴᠢᠬᠤᠯᠠ ᠪᠠᠶᠢᠷᠢᠰᠢᠭᠤᠯᠤᠯᠲᠠ ᠪᠣᠯᠬᠤ ᠪᠠᠷ ᠪᠠᠷᠠᠬᠤ ᠦᠭᠡᠶ ᠠᠷᠤ ᠬᠤᠷᠴᠢᠨ ᠬᠤᠰᠢᠭᠤᠨ ᠤ ᠣᠳᠣᠬᠢᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ ᠠᠷᠤ ᠬᠤᠷᠴᠢᠨ ᠬᠤᠰᠢᠭᠤ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠨᠠᠩ ᠴᠢᠨᠠᠷ ᠰᠠᠶᠢᠲᠠᠶ ᠪᠥᠭᠡᠳ ᠳᠥᠭᠦᠮ ᠳᠥᠳᠡ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ  ᠪᠣᠯᠭᠠᠵᠤ᠂ ᠠᠵᠤ ᠠᠬᠤᠶᠢᠯᠠᠯ ᠲᠠᠢ ᠬᠠᠮᠵᠢᠯᠴᠠᠨ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ᠂ ᠡᠷᠲᠡᠬᠡᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠭᠡᠵᠦ ᠵᠢᠭᠠᠨ ᠭᠠᠷᠭᠠᠪᠠ᠃ ᠲᠡᠷᠡ ᠪᠠᠰᠠ᠂ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠭᠡᠷ᠎ᠡ ᠲᠣᠭᠲᠠᠭᠰᠠᠨ ᠢᠶᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠨᠠᠩ  ᠥᠷᠭᠡᠨ ᠬᠦᠷᠢᠶ᠎ᠡ ᠬᠡᠪᠴᠢᠶ᠎ᠡ᠂ ᠨᠠᠩ ᠭᠦᠨ ᠳᠠᠪᠬᠤᠷᠭ᠎ᠠ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
       ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠪᠣᠯᠤᠨ ᠹᠧᠶ ᠾᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠰᠦᠨ ᠵᠢᠶᠠᠨ ᠭᠦᠸᠧ ᠬᠤᠶᠠᠷ ᠲᠠᠯ᠎ᠠ ᠶᠢ ᠲᠥᠯᠥᠭᠡᠯᠡᠨ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠣᠡᠪᠣᠷᠢ ᠮᠡᠳᠡᠭᠡ ᠵᠠᠩᠭᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠭᠤᠤᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
       ᠣᠶᠢᠯᠠᠭᠠᠭᠰᠠᠨ ᠢᠶᠠᠷ᠂ ᠹᠧᠶ ᠾᠧ ︵ᠠᠷᠤ ᠬᠤᠷᠴᠢᠨ︶ ᠣᠶᠤᠨᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠴᠠᠭᠠᠨ ᠢᠳᠡᠭᠡ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠳᠤ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠭᠤᠤᠯᠳᠠᠭᠤ ᠪᠦᠷᠢᠨ ᠠᠦ᠋ᠲ᠋ᠣᠴᠢᠯᠡᠨ ᠡᠵᠡᠮᠳᠡᠬᠦ ᠦᠷᠭᠦᠯᠵᠢᠯᠡᠭᠰᠡᠨ ᠮᠠᠶ᠋ᠢᠭ ᠤᠨ ᠰᠢᠰᠲ᠋ᠧᠮ ᠤᠨ ᠲᠡᠷᠢᠭᠦᠨ ᠤ ᠪᠦᠷᠬᠦᠭᠦᠯ ᠤᠨ ᠮᠡᠷᠭᠡᠵᠢᠯ ᠤᠨ ᠴᠠᠭᠠᠨ ᠢᠳᠡᠭᠡ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠦᠢᠯᠡᠣᠡᠪᠣᠷᠢᠯᠡᠯ ᠤᠨ ᠱᠤᠭᠤᠮ ᠢ ᠪᠦᠲᠦᠭᠡᠨ ᠪᠠᠶᠢᠭᠤᠯᠬᠤ ᠪᠣᠯᠤᠨ᠎ᠠ᠃  ᠪᠠᠶᠢᠭᠤᠯᠣᠡᠡᠰᠡᠨ ᠤ ᠳᠠᠷᠠᠭ᠎ᠠ᠂ ᠵᠢᠯ ᠤᠨ ᠦᠢᠯᠡᠣᠡᠪᠣᠷᠢᠯᠡᠵᠤ ᠪᠣᠯᠬᠤᠶᠢᠴᠠ ᠳᠠᠪᠤᠰᠤ ᠦᠭᠡᠶᠢᠳᠡᠭᠦᠯᠤᠭ᠍ᠰᠡᠨ ᠰᠢᠷᠠᠰᠤ 9000 ᠲᠣᠨ᠂ ᠳᠠᠷᠠᠭ ᠤᠨ ᠤᠭᠤᠷᠠᠭ 5600 ᠲᠣᠨ ᠬᠦᠷᠴᠦ᠂ ᠵᠢᠯ ᠤᠨ  ᠦᠢᠯᠡᠣᠡᠭᠦᠨ ᠤ ᠥᠷᠲᠡᠭ ᠨᠢ 8.8 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠲᠤᠰ ᠲᠥᠷᠥᠯ ᠵᠦᠢᠯ ᠤᠨ ᠠᠮᠵᠢᠯᠲᠠ ᠲᠠᠢ ᠨᠠᠶᠢᠳᠡᠪᠣᠷᠢᠵᠢᠭᠤᠯᠤᠯᠳᠠ ᠨᠢ ᠳᠤᠮᠳᠠᠳᠤ ᠤᠯᠤᠰ ᠤᠨ ᠹᠧᠶ ᠾᠧ ᠬᠢᠵᠠᠭᠠᠷᠲᠤ ᠺᠣᠮᠫᠠᠨᠢ ᠶᠢᠨ ᠤᠯᠤᠰ ᠤᠨ ᠠᠵᠤ ᠦᠢᠯᠡᠣᠡᠪᠣᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠳᠠᠪᠤᠰᠤ ᠦᠭᠡᠶᠢᠳᠡᠭᠦᠯᠦᠭᠰᠡᠨ ᠰᠢᠷᠠᠰᠤ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ ᠬᠦᠯᠢᠶᠡᠨ ᠠᠪᠤᠭᠰᠠᠨ ᠲᠥᠷᠥᠯ ᠵᠦᠢᠯ ᠤᠨ ᠦᠷ᠎ᠡ ᠪᠦᠲᠦᠭᠡᠯ ᠤᠨ ᠠᠩᠬᠠᠳᠠᠭᠴᠢ ᠬᠡᠪᠴᠢᠶᠡᠵᠢᠭᠰᠡᠨ ᠦᠢᠯᠡᠳᠣᠯᠭᠡ  ᠶᠢᠨ ᠬᠡᠷᠡᠭᠯᠡᠯᠲᠡ ᠪᠠᠶᠢᠵᠤ᠂ ᠤᠯᠤᠰ ᠤᠨ ᠳᠣᠲᠣᠭᠠᠳᠤ ᠶᠢᠨ ᠰᠢᠷᠠᠰᠤ ᠶᠢᠨ ᠨᠤᠨᠲᠠᠭ᠂ ᠰᠦᠨ ᠲᠡᠮᠦᠷ ᠤᠨ ᠤᠭᠤᠷᠠᠭ ᠵᠡᠷᠭᠡ ᠭᠤᠤᠯᠯᠠᠬᠤ ᠨᠠᠶᠢᠷᠠᠭᠤᠯᠬᠤ ᠮᠠᠲ᠋ᠧᠷᠢᠶᠠᠯ ᠤᠨ ᠦᠢᠯᠡᠣᠡᠬᠦ ᠮᠡᠷᠭᠡᠵᠢᠯ ᠬᠦᠷᠦᠯᠴᠡᠬᠦ ᠦᠭᠡᠢ᠂  ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠦ ᠶᠢᠨ ᠦᠢᠯᠡᠰ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠭᠤᠤᠯ ᠬᠥᠳᠡᠯᠭᠡᠬᠦ ᠡᠨᠧᠷᠭᠢ ᠨᠡᠮᠡᠷᠢᠯᠡᠬᠦ ᠪᠣᠯᠤᠨ᠎ᠠ᠃ ︵ᠯᠢ ᠬᠤᠸᠠᠨ ᠢᠦᠶ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号