ᠣᠶᠢᠷ᠎ᠠ ᠳᠤ᠂ ᠵᠥᠩ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ | ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ | ᠵᠢᠷᠭᠤᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ ᠶᠤᠸᠠᠨ ᠪᠢᠨ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ | ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ᠂ ᠲᠤᠰ ᠬᠤᠶᠠᠷ ᠰᠤᠷᠭᠠᠭᠤᠯᠢ ᠶᠢᠨ ᠪᠠᠭᠰᠢ ᠰᠤᠷᠤᠭᠴᠢᠳ ᠶᠣᠰᠣᠯᠠᠯ ᠳᠤ ᠣᠷᠣᠯᠴᠠᠪᠠ᠃ | | | | | ᠸᠠᠩ ᠶᠤᠸᠠᠨ ᠪᠢᠨ ᠠᠴᠠ ᠵᠥᠩ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ | ᠲᠥᠯᠥᠭᠡᠯᠡᠨ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ | 60 ᠨᠡᠷ᠎ᠡ ᠰᠤᠷᠤᠭᠴᠢ ᠳᠤ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠱᠠᠩᠨᠠᠯ ᠬᠦᠷᠲᠡᠭᠰᠡᠨ ᠦᠨᠡᠮᠯᠡᠯ | ᠭᠠᠷᠳᠠᠭᠤᠯᠵᠠᠶ᠃ | | | | ᠸᠠᠩ ᠶᠤᠸᠠᠨ ᠪᠢᠨ ᠰᠤᠷᠤᠯᠭ᠎ᠠ ᠶᠢᠨ ᠱᠠᠩᠨᠠᠯ ᠤᠨ ᠮᠥᠩᠭᠦ ᠬᠦᠷᠲᠡᠭᠰᠡᠨ ᠰᠤᠷᠤᠭᠴᠢᠳ ᠲᠤ ᠴᠢᠩ | ᠰᠡᠳᠬᠢᠯ ᠤᠨ ᠪᠠᠶᠠᠷ ᠬᠦᠷᠭᠡᠬᠦ ᠶᠢᠨ ᠬᠠᠮᠲᠤ᠂ ᠰᠤᠷᠤᠭᠴᠢᠳ ᠤᠨ ᠬᠤᠶᠢᠰᠢᠳᠠ ᠶᠢᠨ ᠰᠤᠷᠤᠯᠴᠠᠯᠭ᠎ᠠ ᠳᠤᠮᠳᠠ ᠪᠠᠨ | ᠥᠪᠡᠷ ᠤᠨ ᠪᠡᠶ᠎ᠡ ᠳᠡᠭᠡᠨ ᠨᠠᠩ ᠥᠨᠳᠥᠷ ᠲᠡᠮᠡᠴᠡᠬᠦ ᠬᠠᠷᠠᠯᠲᠠ ᠲᠣᠭᠲᠠᠭᠠᠵᠤ᠂ ᠡᠷᠡᠰ ᠭᠤᠶᠢᠪᠢᠰᠢ ᠥᠬᠡᠶ ᠬᠦᠰᠡᠯᠡᠩ | ᠢᠲᠡᠭᠡᠯ ᠢ ᠪᠤᠢ ᠪᠣᠯᠭᠠᠨ᠂ ᠬᠢᠴᠢᠶᠡᠯ ᠰᠤᠷᠤᠯᠭ᠎ᠠ ᠳᠠᠭᠠᠨ ᠰᠢᠷᠭᠠᠭᠤ ᠬᠠᠲᠠᠭᠤᠵᠢᠯᠲᠠᠶ ᠴᠢᠷᠮᠠᠶᠢᠵᠤ᠂ ᠰᠢᠯᠢᠳᠡᠭ ᠬᠢᠷᠢ | ᠪᠦᠲᠦᠮᠵᠢ ᠣᠯᠬᠤ ᠪᠠᠷ ᠳᠠᠮᠵᠢᠨ ᠨᠡᠶᠢᠭᠡᠮ ᠨᠡᠶᠢᠲᠡ ᠶᠢᠨ ᠭᠦᠨ ᠵᠤᠵᠠᠭᠠᠨ ᠠᠴᠢ ᠬᠠᠶᠢᠷ᠎ᠠ ᠳᠤ ᠲᠠᠯᠠᠷᠬᠠᠯ ᠢᠶᠠᠨ | ᠢᠯᠡᠳᠬᠡᠵᠦ᠂ ᠬᠦᠰᠡᠯ ᠢᠶᠠᠨ ᠪᠡᠶᠡᠯᠡᠭᠦᠯᠬᠦ ᠶᠢ ᠬᠦᠰᠡᠭᠰᠡᠨ ᠪᠠᠶᠢᠨ᠎ᠠ᠃ | ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ | ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠰ ᠲᠤᠰ | ᠪᠠᠶᠠᠷ ᠤᠨ ᠦᠭᠡ ᠬᠡᠯᠡᠵᠦ᠂ ᠵᠥᠩ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠬᠡᠳᠦᠨ ᠵᠢᠯ ᠤᠨ ᠲᠤᠷᠰᠢᠬᠢ ᠬᠠᠷᠠᠮ ᠦᠭᠡᠶ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠶ᠃ | | | | ᠰᠢᠯᠢᠳᠡᠭ ᠰᠤᠷᠤᠭᠴᠢ ᠶᠢᠨ ᠲᠥᠯᠥᠭᠡᠯᠡᠭᠴᠢ ᠠᠴᠠ ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠬᠠᠮᠲᠤ | ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠨᠡᠶᠢᠲᠡ ᠳᠤ ᠠᠴᠢ ᠬᠠᠷᠢᠭᠤᠯᠠᠬᠤ | ᠵᠣᠷᠢᠭ ᠢᠶᠠᠨ ᠢᠯᠡᠳᠬᠡᠪᠡ᠃ | ᠸᠠᠩ ᠶᠤᠸᠠᠨ ᠪᠢᠨ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠦᠷᠲᠡᠭᠰᠡᠨ ᠰᠤᠷᠤᠭᠴᠢᠳ ᠲᠠᠢ ᠳᠣᠲᠣᠨᠣ ᠪᠠᠷ | ᠶᠠᠷᠢᠯᠴᠠᠵᠤ᠂ ᠰᠤᠷᠤᠭᠴᠢᠳ ᠠᠴᠠ ᠰᠤᠷᠤᠯᠭ᠎ᠠ ᠪᠣᠯᠤᠨ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠨ | ᠣᠶᠢᠯᠠᠭᠠᠬᠤ ᠶᠢᠨ ᠬᠠᠮᠲᠤ᠂ ᠰᠠᠶᠢᠳᠣᠷ ᠴᠢᠷᠮᠠᠶᠢᠨ ᠰᠤᠷᠤᠯᠴᠠᠵᠤ ᠡᠷᠳᠡᠮ ᠮᠡᠳᠡᠯᠭᠡ ᠪᠠᠷ ᠬᠤᠪᠢ ᠵᠠᠶᠠᠭ᠎ᠠ ᠪᠠᠨ | ᠥᠭᠡᠷᠡᠴᠢᠯᠡᠨ᠂ ᠥᠪᠡᠷ ᠤᠨ ᠰᠠᠶᠢᠨ ᠰᠠᠶᠢᠬᠠᠨ ᠢᠷᠡᠭᠡᠳᠦᠶ ᠪᠠᠨ ᠴᠣᠭᠴᠠᠯᠠᠭᠠᠷᠠᠶ ᠭᠡᠵᠦ ᠵᠠᠬᠢᠨ ᠵᠣᠷᠢᠭᠵᠢᠭᠤᠯᠪᠠ᠃ | | | | ᠳᠤᠮᠳᠠᠳᠤ ᠤᠯᠤᠰ ᠤᠨ ᠵᠦᠩ ᠬᠤᠸᠠ ᠪᠦᠯᠦᠭᠯᠡᠯ ᠤᠨ ᠵᠦᠩ ᠬᠤᠸᠠ ᠡᠨᠧᠷᠭᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠨᠢ 2016 ᠣᠨ ᠳᠤ ᠠᠷᠤ ᠬᠤᠷᠴᠢᠨ ᠬᠤᠰᠢᠭᠤ ᠲᠠᠢ ᠲᠤᠰᠠᠯᠠᠨ | ᠳᠡᠮᠵᠢᠯᠭᠡ ᠶᠢᠨ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠠᠷᠤ ᠬᠤᠷᠴᠢᠨ ᠬᠤᠰᠢᠭᠤᠨ ᠤ ᠰᠤᠷᠭᠠᠨ | ᠬᠥᠮᠦᠵᠢᠯ ᠤᠨ ᠦᠢᠯᠡᠰ ᠲᠤ ᠢᠮᠠᠭᠲᠠ ᠰᠡᠳᠬᠢᠯ ᠲᠠᠯᠪᠢᠵᠤ ᠤᠷᠢᠳ ᠬᠤᠵᠢᠳ ᠴᠢᠪᠠᠭ᠎ᠠ ᠲᠠᠪᠤᠳᠤᠭᠠᠷ ᠳᠤᠮᠳᠠᠳᠤ | ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠳᠤ 270 ᠲᠦᠮᠡᠨ ᠲᠥᠭᠦᠷᠢᠭ ᠤᠨ ᠰᠤᠷᠭᠠᠨ | ᠬᠥᠮᠦᠵᠢᠯ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠵᠤ᠂ 3000 ᠭᠠᠷᠤᠶ ᠪᠠᠭᠰᠢ ᠰᠤᠷᠤᠭᠴᠢᠳ ᠲᠤ | ᠠᠰᠢᠭ ᠬᠦᠷᠲᠡᠭᠡᠪᠡ᠃ 2021 ᠣᠨ ᠳᠤ ᠲᠤᠰ ᠬᠤᠶᠠᠷ ᠰᠤᠷᠭᠠᠭᠤᠯᠢ ᠳᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ | ᠠᠵᠢᠯᠯᠠᠭ᠎ᠠ︾ ᠶᠢᠨ ᠱᠠᠩᠨᠠᠯ ᠤᠨ ᠮᠥᠩᠭᠦ ᠲᠣᠬᠢᠷᠠᠭᠤᠯᠵᠤ᠂ 4 ᠵᠢᠯ ᠤᠨ ᠲᠤᠷᠰᠢ ᠨᠡᠶᠢᠲᠡ 420 ᠬᠥᠮᠦᠨ | ᠤᠳᠠᠭ᠎ᠠ ᠶᠢᠨ ᠰᠤᠷᠤᠭᠴᠢ ᠳᠤ ᠱᠠᠩᠨᠠᠯ ᠬᠦᠷᠲᠡᠭᠡᠵᠦ᠂ ᠡᠳ᠋ ᠪᠣᠳᠠᠰ ᠪᠠ ᠣᠶᠤᠨ ᠰᠠᠨᠠᠭᠠᠨ ᠤ ᠬᠤᠤᠰ ᠳᠡᠮᠵᠢᠯᠭᠡ ᠪᠠᠷ | ᠬᠤᠶᠠᠷ ᠰᠤᠷᠭᠠᠭᠤᠯᠢ ᠶᠢᠨ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠠᠷᠤ | ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠲᠦᠷᠭᠡᠨ ᠬᠥᠭᠵᠢᠯᠲᠡ ᠳᠤ ᠢᠯᠡᠳᠲᠡ ᠬᠤᠪᠢ | ᠨᠡᠮᠡᠷᠢ ᠦᠵᠡᠭᠦᠯᠵᠡᠶ᠃ ︵ᠵᠣᠤ ᠶᠠ ᠨᠠᠨ︶ |