ᠪᠠᠶᠠᠨᠬᠤᠯᠪᠤᠭ᠎ᠠ ᠭᠠᠴᠠᠭ᠎ᠠ 115 ᠳᠠᠬᠢ ᠳᠡᠯᠡᠬᠡᠶ ᠶᠢᠨ ᠡᠮᠩᠳᠠᠶᠢᠴᠣᠣᠨ ᠤᠨ ᠪᠠᠶᠠᠷ ᠢᠶᠠᠨ ᠤᠴᠢᠷᠲᠠᠶ ᠰᠠᠶᠢᠬᠠᠨ ᠲᠡᠮᠳᠡᠭᠯᠡᠯ᠎ᠡ
ᠨᠡᠶᠢᠲᠡᠯᠡᠭᠰᠡᠨ ᠴᠠᠭ᠄
2025/3/12
       ᠣᠷᠴᠢᠮ ᠤᠨ ᠡᠳᠦᠷ᠂ ᠬᠤᠨᠳᠣ ᠪᠠᠯᠭᠠᠰᠤ ᠶᠢᠨ ᠪᠠᠶᠠᠨᠬᠤᠯᠪᠤᠭ᠎ᠠ ᠭᠠᠴᠠᠭ᠎ᠠ ᠨᠢ 115 ᠳᠠᠬᠢ ᠳᠡᠯᠡᠬᠡᠶ ᠶᠢᠨ ᠡᠮᠩᠳᠠᠶᠢᠴᠣᠣᠨ ᠤᠨ ᠪᠠᠶᠠᠷ ᠢᠶᠠᠨ ᠲᠡᠮᠳᠡᠭᠯᠡᠬᠦ ᠰᠢᠷᠢᠰ ᠠᠵᠢᠯᠯᠠᠭᠠᠨ ᠥᠷᠨᠢᠭᠦᠯᠦᠭᠰᠡᠨ ᠶᠤᠮ᠃ ᠡᠨᠡᠬᠦ ᠰᠢᠷᠢᠰ ᠠᠵᠢᠯᠯᠠᠭᠠᠨ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 200 ᠰᠢᠬᠠᠮ ᠬᠥᠮᠦᠨ ᠣᠷᠣᠯᠴᠠᠪᠠ᠃
       ᠲᠤᠰ ᠤᠳᠠᠭᠠᠨ ᠤ ᠠᠵᠢᠯᠯᠠᠭᠠᠨ ᠢᠶᠠᠷ᠂ ᠭᠤᠸ᠎ᠠ ᠰᠠᠶᠢᠬᠠᠨ ᠪᠥᠰᠡᠭᠦ᠋ᠢᠴᠦᠳ ᠲᠤ ᠪᠠᠨ ᠰᠣᠷᠭᠤᠭ ᠴᠡᠴᠡᠭ ᠬᠦᠷᠭᠡᠨ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠰᠣᠶᠣᠯ ᠤᠷᠠᠯᠢᠭ ᠲᠤ ᠪᠠᠨ ᠠᠪᠢᠶᠠᠰ ᠲᠠᠢ ᠵᠠᠯᠠᠭᠤᠴᠤᠳ ᠭᠤᠴᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠬᠠᠮᠠᠳ ᠨᠠᠰᠤᠲᠠᠳ ᠢᠶᠠᠨ ᠪᠠᠶᠠᠰᠬᠠᠨ ᠬᠥᠷ ᠨᠠᠷᠭᠢᠶᠠᠨ ᠨᠡᠮᠡᠪᠠ᠃ ᠪᠠᠶᠠᠨᠬᠤᠯᠪᠤᠭ᠎ᠠ ᠭᠠᠴᠠᠭᠠᠨ ᠤ ︽ᠤᠶᠠᠩᠭ᠎ᠠ ᠴᠤᠤᠷᠢᠶ᠎ᠠ︾ ᠤᠷᠠᠯᠢᠭ ᠤᠨ ᠪᠦᠯᠬᠦᠮ 2024 ᠣᠨ ᠤ 11 ᠰᠠᠷ᠎ᠠ ᠳᠤ ᠪᠠᠶᠢᠭᠤᠯᠤᠡᠡᠳᠡᠵᠤ᠂ ᠡᠨᠡ ᠤᠳᠠᠭ᠎ᠠ ᠬᠤᠯᠪᠣᠭ᠎ᠠ᠂ ᠰᠢᠯᠦᠭ᠂ ᠳᠠᠭᠤᠤ ᠪᠥᠵᠢᠭ ᠵᠡᠷᠭᠡ ᠣᠯᠠᠨ ᠠᠷᠪᠢᠨ ᠭᠤᠴᠣ ᠰᠠᠶᠢᠬᠠᠨ ᠲᠣᠭᠯᠠᠯᠲᠠ ᠭᠠᠷᠭᠠᠵᠤ᠂ ᠬᠤᠷᠠᠭᠰᠠᠨ ᠣᠯᠠᠨ ᠢᠶᠠᠨ ᠪᠠᠶᠠᠰᠬᠠᠪᠠ᠃ ︽ᠪᠢ ᠮᠡᠳᠡᠨ᠎ᠡ︾ ᠮᠡᠳᠡᠯᠭᠡ ᠶᠢᠨ ᠤᠷᠤᠯᠳᠤᠭᠠᠨ ᠥᠷᠨᠢᠭᠦᠯᠵᠦ᠂  ᠤᠶᠤᠨ  ᠪᠢᠯᠢᠭ᠂  ᠤᠷ᠎ᠠ  ᠠᠪᠢᠶᠠᠰ  ᠢᠶᠠᠨ  ᠰᠣᠷᠢᠵᠤ᠂ ᠮᠠᠯᠵᠢᠬᠤ ᠰᠣᠶᠣᠯ ᠠᠮᠢᠳᠤᠷᠠᠯ ᠤᠨ ᠰᠤᠨᠢᠨ ᠭᠠᠶᠢᠬᠠᠮᠰᠢᠭ᠂ ᠥᠪ ᠤᠯᠠᠮᠵᠢᠯᠠᠯ ᠢ ᠮᠡᠳᠡᠷᠡᠨ ᠲᠠᠨᠢᠭᠤᠯᠪᠠ᠃ ᠵᠠᠯᠠᠭᠤ ᠪᠦᠰᠡᠭᠦ᠋ᠢᠴᠦᠳ ᠤᠨ ᠤᠷ᠎ᠠ ᠠᠪᠢᠶᠠᠰ ᠤᠨ ᠲᠣᠭᠯᠠᠯᠲᠠ ᠪᠣᠯᠤᠨ ᠰᠣᠨᠢᠷᠬᠠᠯᠲᠤ ᠲᠣᠭᠯᠠᠭᠠᠮ ᠨᠢ ᠡᠨᠡᠬᠦ ᠠᠵᠢᠯᠯᠠᠭᠠᠨ ᠢ ᠨᠠᠩ ᠥᠨᠳᠥᠷ ᠲᠦᠪᠰᠢᠨ ᠳᠤ ᠬᠦᠷᠭᠡᠭᠰᠡᠨ ᠪᠠᠶᠢᠨ᠎ᠠ᠃  
 
       ᠠᠵᠢᠯᠯᠠᠭᠠᠨ ᠤ ᠬᠤᠶᠠᠳᠤᠭᠠᠷ ᠡᠳᠦᠷ᠂ ᠭᠠᠴᠠᠭᠠᠨ ᠤ ᠪᠠᠨ ᠪᠦᠬᠦ᠋ᠢᠯᠡ ︽ᠲᠡᠮᠦᠷ ᠬᠡᠦᠬᠡᠨᠴᠦᠳ︾ ᠨᠠᠰᠤᠲᠠᠨ ᠡᠵᠢ ᠨᠡᠷ ᠢᠶᠠᠨ ᠴᠤᠭᠯᠠᠭᠤᠯᠵᠤ᠂ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦᠭᠰᠡᠨ ᠲᠡᠳᠦᠶ ᠥᠬᠡᠶ᠂ ︽ᠲᠡᠮᠦᠷ ᠬᠡᠦᠬᠡᠨᠴᠦᠳ ᠤᠨ ᠰᠢᠷᠭᠠᠭᠤ ᠬᠠᠲᠠᠭᠤᠵᠢᠯᠲᠠᠶ ᠠᠮᠢᠳᠤᠷᠠᠯ ᠲᠡᠮᠡᠴᠡᠯ ᠤᠨ ᠵᠣᠷᠢᠭ ᠰᠠᠨᠠᠭ᠎ᠠ ᠶᠢ ᠲᠠᠭᠠᠨ ᠰᠤᠷᠤᠯᠴᠠᠬᠤ ᠶᠢ ᠤᠷᠢᠶᠠᠯᠠᠨ ᠤᠬᠠᠭᠤᠯᠵᠠᠶ᠃                                          ᠴᠢᠮᠡᠭᠡᠯᠡᠭᠴᠢ᠄ ᠴᠦᠨ ᠬᠤᠸᠠ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号