ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠦᠵᠡᠬᠦ ᠳᠤᠭᠤᠶᠢᠯᠠᠩ ᠠᠷᠤ ᠬᠤᠷᠴᠢᠨ ᠬᠤᠰᠢᠭᠤᠨ ᠳᠤ ᠬᠦᠷᠴᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠲᠥᠯᠥᠭᠡᠯᠡᠭᠴᠢᠳ ᠤᠨ ᠪᠠᠶᠢᠴᠠᠭᠠᠨ ᠦᠵᠡᠬᠦ ᠪᠠ ᠦᠨᠡᠯᠡᠨ ᠶᠠᠷᠢᠯᠴᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/12
       3 ᠰᠠᠷ᠎ᠠ ᠶᠢᠨ 10 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ︵ᠲᠥᠰᠦᠪ︶ ᠶᠢᠨ ᠵᠥᠪᠯᠡᠯ ᠤᠨ ᠡᠷᠬᠢᠯᠡᠭᠴᠢ ᠭᠡᠰᠢᠭᠦᠨ᠂  ᠪᠠᠶᠢᠩᠭᠤ ᠶᠢᠨ ᠬᠤᠷᠢᠶᠠᠨ ᠤ ᠲᠥᠰᠦᠪ ᠤᠨ ᠠᠵᠢᠯ ᠤᠨ ᠵᠥᠪᠯᠡᠯ ᠤᠨ ᠡᠷᠬᠢᠯᠡᠭᠴᠢ ᠵᠦ ᠭᠦᠸᠧ ᠶᠣᠣ ᠨᠠᠷ ᠠᠷᠤ ᠬᠤᠷᠴᠢᠨ ᠬᠤᠰᠢᠭᠤᠨ ᠳᠤ ᠬᠦᠷᠴᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠲᠥᠯᠥᠭᠡᠯᠡᠭᠴᠢᠳ ᠢ ᠪᠠᠶᠢᠴᠠᠭᠠᠨ ᠦᠵᠡᠬᠦ ᠪᠠ ᠦᠨᠡᠯᠡᠨ ᠶᠠᠷᠢᠯᠴᠠᠬᠤ ᠠᠵᠢᠯ ᠥᠷᠨᠢᠭᠦᠯᠪᠡ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠠᠩ ᠵᠢᠶᠧ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠴᠢᠨ ᠶᠤᠸᠠᠢ ᠭᠦᠸᠧ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠰᠦᠪ ᠤᠨ ᠠᠵᠢᠯ ᠤᠨ ᠵᠥᠪᠯᠡᠯ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠪᠠᠶᠢᠴᠠᠭᠠᠨ ᠦᠵᠡᠬᠦ ᠲᠣᠭᠤᠶᠢᠯᠠᠩ ᠤᠨ ᠬᠢᠨ ᠤᠷᠢᠳ ᠬᠤᠵᠢᠳ ᠴᠢᠪᠠᠭ᠎ᠠ ᠪᠠᠯᠭᠠᠰᠤᠨ ᠤ ᠬᠤᠲᠠ ᠲᠣᠭᠤᠷᠢᠭ᠂ ᠴᠢᠪᠠᠭ᠎ᠠ ᠪᠠᠯᠭᠠᠰᠤᠨ ᠤ ᠶᠠᠩ ᠱᠦ ᠯᠢᠨ᠂ ᠡᠮᠦᠨ᠎ᠡ ᠭᠠᠩᠭᠠᠲᠠᠶ ᠲᠣᠰᠬᠤᠨ᠂ ᠰᠢᠨ ᠫᠢᠩ ᠲᠣᠰᠬᠤᠨ᠂ ᠵᠡᠭᠦᠨ ᠤᠭᠤᠷᠴᠠᠭ ᠲᠣᠰᠬᠤᠨ ᠵᠡᠷᠭᠡ ᠭᠠᠵᠠᠷ ᠲᠤ ᠭᠦᠡᠵᠡᠭᠡᠶᠢᠷᠡᠵᠤ᠂ ᠵᠠᠮ ᠤᠨ ᠬᠤᠶᠠᠷ ᠬᠠᠵᠠᠭᠤ ᠶᠢᠨ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ X211 ᠱᠤᠭᠤᠮ ᠤᠨ ᠶᠠᠩ ᠱᠣ᠋ ᠯᠢᠨ ᠠᠴᠠ ᠸᠠᠩ ᠶᠧ ᠾᠦᠸᠧ ᠹᠠᠩ ᠬᠦᠷᠬᠦ ᠵᠠᠰᠠᠮᠠᠯ ᠵᠠᠮ ᠤᠨ ᠢᠨᠵᠧᠨᠧᠷᠢᠩ᠂ ᠡᠮᠦᠨ᠎ᠡ ᠭᠠᠩᠭᠠᠲᠠᠶ ᠲᠣᠰᠬᠤᠨ ᠤ ᠪᠣᠳᠠ ᠮᠣᠳᠣ ᠶᠢᠨ ᠲᠡᠭᠰᠢ ᠬᠤᠵᠤᠤᠯ᠎ᠠ ᠶᠢᠨ ᠲᠥᠷᠥᠯ ᠵᠦᠢᠯ᠂ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠢᠨ ᠫᠢᠩ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ᠂ 2023 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠠᠶᠢᠳᠡᠯ ᠤᠨ ᠲᠤᠬᠠᠶ ᠲᠤᠰ ᠲᠤᠰ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠥᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃
       ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠢᠳᠡᠪᠬᠢᠲᠡᠶ ᠪᠠᠷ ᠰᠠᠨᠠᠯ ᠰᠠᠨᠠᠭᠤᠯᠭ᠎ᠠ ᠪᠠᠨ ᠢᠯᠡᠳᠬᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ ᠪᠠᠶᠢᠴᠠᠭᠠᠨ ᠦᠵᠡᠬᠦ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠵᠦᠢᠯᠡᠰ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ ᠪᠣᠯᠬᠤᠷ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠶ ᠭᠡᠵᠡᠶ᠃ ︵ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号