ᠣᠶ ᠰᠢᠭᠤᠶ ᠨᠤᠲᠤᠭ ᠪᠡᠯᠴᠢᠬᠡᠷ ᠤᠨ ᠭᠠᠯ ᠲᠦᠢᠮᠡᠷ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ | ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ | ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠲᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠣᠡᠭᠡᠯ ᠤᠨ ᠬᠠᠤᠯᠢ︾᠂ ︽ᠣᠢ ᠰᠢᠭᠤᠶ ᠶᠢᠨ ᠭᠠᠯ ᠢ ᠰᠡᠷᠭᠡᠶᠢᠯᠡᠬᠦ | ᠲᠥᠷᠢᠮ︾᠂ ︽ᠨᠣᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠤᠨ ᠲᠣᠭᠲᠠᠭᠠᠯ ᠢ | ᠦᠨᠳᠦᠰᠦᠯᠡᠨ᠂ ᠬᠤᠰᠢᠭᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠵᠦ ᠣᠢ ᠰᠢᠭᠤᠶ ᠨᠤᠲᠤᠭ | ᠪᠡᠯᠴᠢᠭᠡᠷ ᠤᠨ ᠭᠠᠯ ᠢ ᠴᠠᠭᠠᠵᠠᠯᠠᠬᠤ ᠵᠠᠷᠯᠢᠭ ᠢ ᠨᠡᠶᠢᠳᠡᠯᠡᠬᠦ ᠪᠠᠷ ᠲᠣᠭᠲᠠᠪᠠ᠄ | ᠨᠢᠭᠡ᠂ ᠭᠠᠯ ᠢ ᠴᠠᠭᠠᠵᠠᠯᠠᠬᠤ ᠬᠤᠭᠤᠴᠠᠭ᠎ᠠ | 2025 ᠣᠨ ᠤ 03 ᠰᠠᠷ᠎ᠠ ᠶᠢᠨ 15 ᠤ ᠡᠳᠦᠷ - 2025 ᠣᠨ ᠤ 06 ᠰᠠᠷ᠎ᠠ ᠶᠢᠨ 15 ᠤ ᠡᠳᠦᠷ︔ | | 2025 ᠣᠨ ᠤ 09 ᠰᠠᠷ᠎ᠠ ᠶᠢᠨ 15 ᠤ ᠡᠳᠦᠷ - 2025 ᠣᠨ ᠤ 11 ᠰᠠᠷ᠎ᠠ ᠶᠢᠨ 15 ᠤ ᠡᠳᠦᠷ᠃ | | ᠬᠤᠶᠠᠷ᠂ ᠭᠠᠯ ᠢ ᠴᠠᠭᠠᠵᠠᠯᠠᠬᠤ ᠣᠷᠣᠨ | ᠬᠤᠲᠠ ᠪᠠᠯᠭᠠᠰᠤ ᠪᠠ ᠠᠶᠢᠯ ᠲᠣᠰᠬᠤᠨ ᠠᠴᠠ ᠭᠠᠳᠠᠨ᠎ᠠ᠂ ᠪᠥᠬᠦ ᠬᠤᠰᠢᠭᠤᠨ ᠤ ᠬᠡᠪᠴᠢᠶᠡᠨ ᠳᠠᠬᠢ | ᠣᠶᠢᠳᠤ ᠭᠠᠵᠠᠷ ᠵᠢᠴᠢ ᠣᠢ ᠶᠢᠨ ᠵᠠᠬ᠎ᠠ ᠶᠢᠨ 500 ᠮᠧᠲᠷ ᠤᠨ ᠳᠣᠲᠣᠷᠠᠬᠢ ᠣᠷᠣᠨ᠂ ᠣᠢ ᠶᠢᠨ ᠲᠣᠣᠷ ᠤᠨ | ᠬᠤᠶᠠᠷ ᠬᠠᠵᠠᠭᠤ ᠶᠢᠨ 100 ᠮᠧᠲᠷ ᠤᠨ ᠳᠣᠲᠣᠷᠠᠬᠢ ᠣᠷᠣᠨ ᠴᠥᠮ ᠣᠢ ᠰᠢᠭᠤᠶ ᠨᠤᠲᠤᠭ ᠪᠡᠯᠴᠢᠭᠡᠷ ᠤᠨ ᠭᠠᠯ ᠢ | ᠴᠠᠭᠠᠵᠠᠯᠠᠬᠤ ᠣᠷᠣᠨ ᠳᠤ ᠪᠠᠭᠳᠠᠨ᠎ᠠ᠃ | ᠭᠤᠷᠪᠠ᠂ ᠭᠠᠯ ᠢ ᠴᠠᠭᠠᠵᠠᠯᠠᠬᠤ ᠬᠠᠮᠢᠶ᠎ᠠ ᠪᠦᠬᠦᠢ ᠲᠣᠭᠲᠠᠭᠠᠯ | ︵ᠨᠢᠭᠡ︶ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠣᠷᠣᠨ ᠳᠤ ᠠᠲᠠᠷ ᠰᠢᠲᠠᠭᠠᠬᠤ᠂ | ᠬᠡᠭᠡᠷ᠎ᠡ ᠬᠤᠭᠤᠯᠠᠯᠠᠬᠤ᠂ ᠲᠠᠮᠠᠬᠢ ᠲᠠᠲᠠᠬᠤ᠂ ᠲᠠᠷᠢᠮᠠᠯ ᠤᠨ ᠡᠰᠢ ᠰᠦᠷᠡᠯ ᠰᠢᠲᠠᠭᠠᠬᠤ᠂ ᠭᠤᠤᠷᠰᠤ ᠰᠢᠲᠠᠭᠠᠬᠤ ᠵᠡᠷᠭᠡ | ᠭᠠᠯ ᠤᠨ ᠠᠶᠤᠯ ᠡᠭᠦᠰᠭᠡᠵᠦ ᠮᠡᠳᠡᠬᠦ ᠠᠯᠢᠪᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠣᠷᠣᠨ ᠳᠤ ᠭᠠᠯ ᠤᠨ | ᠡᠭᠦᠰᠬᠡᠭᠦᠷ ᠠᠪᠴᠤ ᠣᠷᠣᠬᠤ ᠶᠢ ᠴᠢᠩᠭ᠎ᠠ ᠴᠠᠭᠠᠵᠠᠯᠠᠵᠤ ᠣᠡᠴᠠᠭᠠᠶᠢᠯᠠᠨ ᠨᠣᠴᠣᠭᠠᠭᠤᠷ᠂ ᠴᠣᠶᠢᠳᠠᠩ᠂ ᠴᠢᠶ᠋ᠢᠤ | ᠴᠠᠶᠢᠶ᠋ᠢᠤ ᠨᠡᠭᠦᠷᠡᠰᠦᠨ ᠲᠣᠰᠣ ᠵᠡᠷᠭᠡ ᠠᠮᠠᠷᠠᠨ ᠨᠣᠴᠤᠵᠤ ᠲᠡᠯᠪᠡᠷᠡᠬᠦ ᠡᠳ᠋ ᠠᠪᠴᠤ ᠣᠷᠣᠬᠤ ᠶᠢ ᠴᠢᠩᠭ᠎ᠠ | ᠴᠠᠭᠠᠵᠠᠯᠠᠨ᠎ᠠ᠃ ᠲᠡᠷᠭᠡ ᠪᠠᠷ ᠠᠶᠠᠯᠠᠬᠤ ᠳᠤᠮᠳᠠ ᠲᠠᠮᠠᠬᠢᠨ ᠤᠵᠠᠭᠤᠷ ᠢᠶᠠᠨ ᠲᠡᠷᠭᠡᠨ ᠴᠣᠩᠬᠤ ᠪᠠᠷ ᠭᠠᠳᠠᠭᠰᠢ | ᠬᠠᠶᠠᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠣᠩᠭᠤᠨ ᠲᠠᠬᠢᠬᠤ᠂ | ᠭᠦᠵᠢ ᠠᠰᠠᠭᠠᠬᠤ᠂ ᠫᠤᠤᠵᠢᠩ ᠲᠠᠯᠪᠢᠬᠤ᠂ ᠬᠡᠭᠡᠷ᠎ᠡ ᠲᠣᠭᠤᠭᠠᠯᠠᠨ ᠳᠤᠯᠠᠭᠠᠴᠠᠬᠤ᠂ ᠳᠡᠭᠳᠡᠭᠦᠷ ᠳ᠋ᠧᠩᠯᠤ ᠠᠰᠠᠭᠠᠬᠤ᠂ | ᠠᠩ ᠠᠩᠨᠠᠬᠤ ᠵᠢᠴᠢ ᠵᠥᠪᠰᠢᠶᠡᠷᠡᠯ ᠦᠬᠡᠶ ᠪᠠᠷ ᠳᠤᠷ᠎ᠠ ᠪᠠᠷ ᠢᠶᠠᠨ ᠦᠢᠯᠡᠣᠡᠪᠣᠷᠢᠯᠡᠯ ᠤᠨ ᠴᠢᠨᠠᠷᠲᠠᠶ ᠭᠠᠯ ᠬᠡᠷᠡᠭᠯᠡᠬᠦ | ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠣᠷᠣᠨ ᠳᠤ ᠬᠤᠭ ᠨᠣᠪᠰᠢ | ᠰᠢᠲᠠᠭᠠᠬᠤ᠂ ᠰᠢᠳᠠᠵᠤ ᠳᠠᠭᠤᠰᠤᠭᠰᠠᠨ ᠥᠬᠡᠶ ᠵᠣᠤᠬ᠎ᠠ ᠶᠢᠨ ᠦᠨᠡᠰᠤ ᠬᠠᠶᠠᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠣᠢ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠤᠨ ᠠᠶᠤᠯ ᠬᠢᠯᠪᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | | ᠲᠦᠷᠪᠡ᠂ ᠬᠤᠷᠢᠭ᠎ᠠ ᠶᠢ ᠵᠥᠷᠢᠴᠡᠪᠡᠯ ᠡᠭᠦᠷᠭᠡᠯᠡᠬᠦ ᠬᠠᠷᠢᠭᠤᠴᠠᠯᠭ᠎ᠠ ᠳᠡᠭᠡᠷ᠎ᠡ ᠳᠤᠷᠠᠳᠤᠭᠰᠠᠨ ᠲᠣᠭᠲᠠᠭᠠᠯ ᠢ | ᠵᠥᠷᠢᠴᠡᠭᠰᠡᠨ ᠨᠢᠭᠡᠴᠡ ᠪᠠ ᠬᠤᠪᠢ ᠬᠥᠮᠦᠨ ᠪᠦᠬᠦᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠵᠠᠰᠠᠭ ᠵᠠᠬᠢᠷᠭᠠᠨ ᠤ ᠰᠢᠢᠣᠡᠭᠡᠯ ᠥᠭᠴᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠨᠢ ᠳᠤᠲᠠᠮᠠᠭ ᠠᠴᠠ ᠪᠣᠯᠵᠤ ᠣᠨᠴᠠ ᠲᠣᠮᠣ | ᠶᠡᠭᠡ ᠣᠢ ᠰᠢᠭᠤᠶ ᠶᠢᠨ ᠭᠠᠯ ᠲᠦᠢᠮᠡᠷ ᠤᠨ ᠠᠶᠤᠯ ᠪᠤᠶᠤ ᠬᠥᠮᠦᠨ ᠬᠠᠷ᠎ᠠ ᠠᠳᠡᠵᠤ ᠰᠢᠷᠬᠠᠳᠣᠡᠡᠰᠡᠨ ᠬᠡᠷᠡᠭ | ᠭᠠᠷᠭᠠᠭᠰᠠᠨ ᠭᠠᠵᠠᠷ ᠣᠷᠣᠨ᠂ ᠨᠢᠭᠡᠴᠠ ᠪᠣᠯᠤᠨ ᠬᠤᠪᠢ ᠬᠥᠮᠦᠨ ᠠᠴᠠ ᠬᠠᠤᠯᠢ ᠲᠣᠭᠲᠠᠭᠠᠯ ᠰᠠᠬᠢᠯᠭ᠎ᠠ ᠶᠣᠰᠣᠭᠠᠷ | ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠤᠬᠠᠭᠤᠯᠭ᠎ᠠ ᠬᠥᠮᠦᠵᠢᠯ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠡᠯ᠎ᠡ ᠤᠯᠤᠰ ᠤᠨ ᠥᠮᠴᠢᠯᠡᠯᠲᠦ ᠣᠢ ᠰᠢᠭᠤᠶ ᠶᠢᠨ ᠲᠠᠯᠠᠪᠠᠶ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠣᠨ | ᠠᠰᠢᠭᠯᠠᠨ᠂ ᠭᠠᠯ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠦᠷᠭᠡᠨ ᠢᠶᠠᠷ ᠦᠷᠨᠢᠭᠦᠯᠵᠦ᠂ ᠣᠯᠠᠨ | ᠨᠡᠶᠢᠲᠡ ᠶᠢᠨ ᠭᠠᠨᠯ ᠢ ᠰᠡᠷᠭᠡᠶᠢᠯᠡᠬᠦ ᠦᠵᠡᠯ ᠤᠬᠠᠮᠰᠠᠷ᠂ ᠠᠶᠤᠯᠭᠦᠶ ᠶᠢᠨ ᠦᠵᠡᠯ ᠤᠬᠠᠮᠰᠠᠷ ᠪᠣᠯᠤᠨ ᠬᠠᠤᠯᠢ ᠪᠠᠷ | ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠤᠷᠢᠳᠴᠢᠯᠡᠨ ᠰᠡᠷᠭᠡᠶᠢᠯᠡᠬᠦ᠂ ᠠᠶᠤᠯ ᠠᠴᠠ | ᠵᠠᠶᠢᠯᠠᠬᠤ᠂ ᠥᠪᠡᠷ ᠢ ᠪᠠᠨ ᠠᠪᠣᠷᠠᠬᠤ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠪᠤᠰᠤᠳ ᠱᠠᠭᠠᠷᠳᠠᠯᠭ᠎ᠠ | ᠡᠯ᠎ᠡ ᠰᠤᠮᠤ ᠰᠢᠶᠠᠩ ᠪᠠᠯᠭᠠᠰᠤ᠂ ᠤᠯᠤᠰ ᠤᠨ ᠥᠮᠴᠢᠯᠡᠯᠲᠦ ᠣᠢ ᠰᠢᠭᠤᠶ ᠶᠢᠨ ᠲᠠᠯᠠᠪᠠᠢ | ᠭᠤᠤᠯᠳᠠᠯᠭ᠎ᠠ ᠲᠠᠢ ᠵᠠᠮ ᠤᠨ ᠬᠡᠰᠡᠭ ᠭᠤᠤᠯᠳᠠᠯᠭ᠎ᠠ ᠲᠠᠢ ᠣᠷᠣᠨ ᠬᠡᠪᠴᠢᠶ᠎ᠡ ᠳᠤ ᠣᠢ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠲᠦᠷ ᠴᠠᠭ ᠤᠨ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠨᠠᠭᠠᠰᠢ ᠴᠠᠭᠠᠰᠢ ᠥᠩᠭᠡᠷᠡᠬᠦ | ᠲᠡᠷᠭᠡ ᠬᠥᠰᠬᠡ ᠪᠣᠯᠤᠨ ᠶᠠᠪᠠᠭᠠᠨ ᠬᠥᠮᠦᠨ ᠳᠤ ᠪᠠᠶᠢᠴᠠᠭᠠᠯᠳᠠ ᠥᠷᠨᠢᠭᠦᠯᠦᠨ ᠭᠠᠯ ᠤᠨ ᠡᠭᠦᠰᠬᠡᠭᠦᠷ ᠢ ᠬᠤᠷᠢᠶᠠᠨ | ᠠᠪᠬᠤ ᠬᠡᠷᠡᠭᠲᠡᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠠᠵᠢᠯ ᠭᠦᠢᠴᠡᠣᠡᠭᠡᠬᠦ ᠶᠢ ᠬᠠᠷᠰᠢᠯᠠᠬᠤ ᠪᠤᠶᠤ | ᠳᠦᠷᠢᠮ ᠲᠣᠭᠲᠠᠭᠠᠯ ᠢ ᠵᠢᠷᠤᠮᠯᠠᠬᠤ ᠦᠭᠡᠢ ᠪᠠᠶᠢᠵᠤ ᠪᠣᠯᠬᠤ ᠥᠭᠡᠢ᠃ | ᠶᠠᠮᠠᠷᠪᠠ ᠨᠢᠭᠡᠴᠡ ᠪᠠ ᠬᠤᠪᠢ ᠬᠥᠮᠦᠨ ᠬᠡᠭᠡᠷ᠎ᠡ ᠭᠠᠳᠠᠨ᠎ᠠ ᠬᠠᠤᠯᠢ ᠶᠢ ᠵᠥᠷᠢᠴᠡᠨ ᠭᠠᠯ ᠬᠡᠷᠡᠭᠯᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ ᠬᠡᠷᠡᠭᠲᠡᠶ ︵ᠢᠯᠡᠴᠢᠯᠡᠨ | ᠮᠡᠳᠡᠭᠦᠯᠬᠦ ᠤᠲᠠᠰᠤ᠄ 110︶︔ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠡᠯ ᠢ ᠢᠯᠡᠷᠡᠭᠦᠯᠪᠡᠯ | ᠲᠠᠷᠣᠶᠢᠬᠠᠨ ᠮᠡᠳᠡᠭᠦᠯᠬᠦ ᠬᠡᠷᠡᠭᠲᠡᠶ ︵ᠮᠡᠳᠡᠭᠦᠯᠬᠦ ᠤᠲᠠᠰᠤ᠄ 12119︶ | | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ12 ᠤᠨ ᠡᠳᠦᠷ |