ᠠᠷᠤ ᠬᠤᠷᠴᠢᠨ ᠬᠤᠰᠢᠭᠤᠨ ᠤ ᠤᠯᠠᠭᠠᠨᠮᠥ᠋ᠴᠢᠷ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/14
       ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠷᠴᠢᠮ ᠤᠨ ᠡᠳᠦᠷ᠂ ᠠᠷᠤ ᠬᠤᠷᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠤᠣ ᠮᠥᠷᠡᠨ  ᠵᠡᠭᠡᠯᠢ  ᠭᠤᠳᠤᠮᠵᠢ ᠶᠢᠨ  ᠬᠤᠶᠠᠷ  ᠨᠡᠶᠢᠭᠡᠮ  ᠲᠣᠭᠤᠷᠢᠭ ᠲᠤ  ᠬᠦᠷᠴᠦ   ︽ᠪᠠᠶᠠᠷ ᠪᠠᠶᠠᠰᠤᠯ ᠪᠣᠯᠤᠨ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠥᠪᠡᠷᠮᠢᠴᠡ ᠣᠨᠴᠠᠯᠢᠭ ᠲᠠᠢ ᠰᠣᠶᠣᠯ ᠤᠨ ᠥᠪᠡᠳᠡᠭᠰᠢ ᠨᠠᠶᠢᠷ ᠢ ᠬᠦᠷᠭᠡᠵᠦ᠂ ᠪᠠᠰᠠ ᠰᠠᠭᠤᠭᠠᠯᠢ ᠠᠷᠠᠳ ᠲᠠᠢ ᠬᠠᠮᠲᠤᠷᠠᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠰᠢᠨ᠎ᠡ ᠬᠡᠪ ᠰᠤᠷᠲᠠᠯ ᠢ ᠤᠯᠠᠮᠵᠢᠯᠠᠭᠰᠠᠨ ᠪᠠᠶᠢᠨ᠎ᠠ᠃
       ᠤᠯᠠᠭᠠᠨᠮᠥ᠋ᠴᠢᠷ ᠦᠨᠳᠦᠰᠦᠨ ᠱᠠᠲᠤᠨ ᠳᠤ ᠬᠦᠷᠴᠦ ᠲᠣᠭᠯᠠᠯᠲᠠ ᠭᠠᠷᠭᠠᠭᠰᠠᠨ ᠨᠢ ᠶᠠᠭ ᠲᠠᠯ᠎ᠠ ᠨᠤᠲᠤᠭ ᠤᠨ ᠰᠣᠶᠣᠯ ᠤᠨ ᠨᠡᠭᠦᠳᠡᠯ ᠦᠪᠡᠳᠡᠭᠰᠢ ᠲᠠᠶᠢᠯᠠᠯᠭ᠎ᠠ ᠮᠡᠲᠦ ᠬᠥᠮᠦᠰ ᠤᠨ ᠰᠡᠳᠬᠢᠯ ᠳᠤ ᠲᠠᠭᠠᠯᠠᠭᠳᠠᠨ᠎ᠠ᠃ ᠤᠯᠠᠭᠠᠨᠮᠥ᠋ᠴᠢᠷ ᠤᠨ ᠬᠢᠨ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ ᠵᠡᠷᠭᠡ ᠬᠥᠭᠵᠢᠮ ᠤᠨ ᠪᠠᠭᠠᠵᠢ ᠵᠢᠮᠰᠡᠭ ᠢᠶᠠᠨ ᠠᠪᠴᠤ᠂ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠷᠳᠣ ᠶᠢᠨ ᠳᠠᠭᠤᠨ ᠤ ᠠᠶᠠᠰ ᠪᠣᠯᠤᠨ ᠪᠠᠶᠠᠷ ᠪᠠᠶᠠᠰᠬᠤᠯᠠᠩᠲᠤ ᠠᠨᠳᠠᠶ ᠪᠥᠵᠢᠭ ᠨᠢ ᠬᠤᠷᠣᠮᠬᠠᠨ ᠵᠠᠭᠤᠷ᠎ᠠ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ᠭᠤᠶᠢᠳᠠ ᠰᠠᠶᠢᠬᠠᠨ ᠲᠣᠭᠯᠠᠯᠲᠠ ᠤᠳ ᠨᠢ ᠬᠤᠷᠠᠭᠰᠠᠨ ᠣᠯᠠᠨ ᠤ ᠠᠯᠠᠭ᠎ᠠ ᠲᠡᠰᠢᠯᠲᠠ ᠪᠣᠯᠤᠨ ᠤᠤᠬᠠᠶᠢᠯᠠᠯ ᠬᠠᠰᠬᠢᠷᠤᠯ ᠢ ᠣᠯᠵᠤ ᠪᠠᠶᠢᠯ᠎ᠠ᠃
       ᠤᠷᠠᠨ ᠰᠠᠶᠢᠬᠠᠨ ᠤ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯᠯᠠᠭ᠎ᠠ ᠳᠤ ᠢᠳᠡᠪᠬᠢᠯᠠᠨ ᠣᠷᠣᠯᠴᠠᠪᠠ᠃ ᠲᠡᠳᠡ ᠠᠵᠢᠯ ᠤᠨ ᠬᠤᠪᠢᠶᠠᠷᠢ ᠪᠠᠨ ᠲᠣᠳᠣᠷᠬᠠᠶᠢᠯᠠᠵᠤ᠂ ᠵᠠᠷᠢᠮ ᠨᠢ ᠵᠠᠮ ᠳᠡᠭᠡᠷᠡᠬᠢ ᠬᠤᠭ ᠨᠣᠪᠰᠢ ᠶᠢ ᠴᠡᠪᠡᠷᠯᠡᠵᠦ᠂ ᠵᠠᠷᠢᠮ  ᠨᠢ ᠨᠣᠭᠤᠭᠠᠷᠠᠭᠤᠯᠤᠯᠲᠠ ᠶᠢᠨ ᠪᠦᠰᠡᠨ ᠳᠠᠬᠢ ᠡᠯᠳᠡᠪ ᠶᠠᠭᠤᠮ᠎ᠠ ᠬᠡᠮ᠎ᠡ ᠶᠢ ᠴᠡᠪᠡᠷᠯᠡᠵᠦ᠂ ᠪᠠᠰᠠ ᠵᠠᠷᠢᠮ ᠨᠢ ᠰᠠᠭᠤᠭᠠᠯᠢ ᠠᠷᠠᠳ ᠲᠤ ᠣᠷᠴᠢᠨ ᠠᠬᠤᠶ ᠶᠢ ᠬᠠᠮᠠᠭᠠᠯᠠᠬᠤ ᠮᠡᠳᠡᠯᠭᠡ ᠮᠡᠳᠡᠴᠡ ᠶᠢ ᠤᠬᠠᠭᠤᠯᠵᠤ᠂ ᠣᠯᠠᠨ ᠢᠶᠠᠷ ᠢᠶᠠᠨ ᠣᠷᠴᠢᠨ ᠠᠬᠤᠶ ᠶᠢ ᠬᠠᠶᠢᠷᠠᠯᠠᠨ ᠬᠠᠮᠠᠭᠠᠯᠠᠬᠤ ᠰᠠᠶᠢᠨ ᠳᠠᠳᠬᠠᠯ ᠲᠠᠢ ᠪᠣᠯᠬᠤ ᠶᠢ ᠤᠷᠢᠶᠠᠯᠠᠨ ᠰᠠᠨᠠᠭᠠᠴᠢᠯᠠᠭᠰᠠᠨ ᠪᠠᠶᠢᠨ᠎ᠠ᠃                                     ᠴᠢᠮᠡᠭᠡᠯᠡᠭᠴᠢ᠄ ᠨᠠᠨᠳᠢᠨᠪᠤᠯᠠᠭ᠂ ᠨᠢᠤ ᠰᠢᠨ ᠨᠦᠸᠧ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号