ᠠᠷᠤ ᠬᠤᠷᠴᠢᠨ ᠬᠤᠰᠢᠭᠤ ᠴᠢᠬᠤᠯᠠ ᠶᠡᠭᠡ ᠲᠥᠷᠥᠯ ᠵᠦᠢᠯ ᠢ ᠲᠦᠯᠣᠪᠯᠡᠨ ᠨᠥᠭᠡᠴᠡᠯᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
       3 ᠰᠠᠷ᠎ᠠ ᠶᠢᠨ 12 ᠤᠨ ᠡᠳᠦᠷ᠂ ᠠᠷᠤ ᠬᠤᠷᠴᠢᠨ ᠬᠤᠰᠢᠭᠤ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
       ᠬᠤᠷᠠᠯ ᠠᠴᠠ᠂ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠲᠠᠶᠢᠯᠪᠤᠷᠢᠯᠠᠬᠤ ᠶᠢᠨ ᠬᠠᠮᠲᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠢ ᠮᠡᠳᠡᠭᠳᠡᠪᠡ᠃        ᠭᠦᠸᠧ ᠯᠦ ᠮᠧᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠴᠢᠬᠤᠯᠠᠴᠢᠯᠠᠨ ᠦᠵᠡᠬᠦ ᠬᠡᠮᠵᠢᠶ᠎ᠡ ᠪᠠᠨ ᠳᠡᠭᠡᠭᠰᠢᠯᠡᠭᠦᠯᠦᠨ᠂ ᠲᠥᠷᠥᠯ ᠵᠦᠢᠯ ᠢ ᠲᠥᠯᠥᠪᠯᠡᠬᠦ ᠠᠵᠢᠯ ᠢ ᠬᠥᠭᠵᠢᠯᠲᠡ ᠶᠢ ᠳᠠᠶᠢᠴᠢᠯᠠᠬᠤ ᠦᠨᠳᠦᠰᠦᠨ ᠴᠢᠨᠠᠷᠲᠠᠶ ᠠᠵᠢᠯ ᠪᠣᠯᠭᠠᠨ ᠠᠳᠬᠤᠵᠤ᠂ ᠮᠠᠨ ᠤ ᠬᠤᠰᠢᠭᠤᠨ ᠤ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠢ ᠲᠠᠰᠤᠷᠠᠯᠲᠠ ᠦᠭᠡᠶ ᠥᠷᠭᠡᠳᠬᠡᠬᠦ ᠪᠠᠷ ᠴᠢᠷᠮᠠᠶᠢᠬᠤ ᠬᠡᠷᠡᠭᠲᠡᠶ᠃ ᠲᠥᠯᠥᠪᠵᠢᠭᠦᠯᠬᠦ ᠡᠭᠦᠷᠭᠡ ᠶᠢ ᠨᠠᠶᠢᠳᠠᠪᠤᠷᠢᠵᠢᠭᠤᠯᠵᠤ᠂ ᠣᠶᠢᠷ᠎ᠠ᠂ ᠳᠤᠮᠳᠠ᠂ ᠠᠯᠤᠰ ᠤᠨ ᠬᠤᠭᠤᠴᠠᠭᠠᠨ ᠤ ᠬᠠᠷᠠᠯᠲᠠ ᠶᠢᠨ ᠲᠣᠭᠤᠷᠢᠨ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠲᠦᠰᠢᠭᠯᠡᠬᠦ᠂ ᠠᠵᠤ ᠦᠢᠯᠡᠰ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠬᠦ᠂ ᠪᠠᠯᠠ ᠮᠥᠩᠭᠦ ᠶᠢᠨ ᠳᠡᠮᠵᠢᠯᠭᠡ ᠶᠢᠨ ᠲᠣᠭᠤᠷᠢᠨ ᠳᠤ ᠲᠥᠷᠥᠯ ᠵᠦᠢᠯ ᠢ ᠰᠦᠪᠡᠭᠴᠢᠯᠡᠵᠦ᠂ ︽ᠨᠢᠭᠡ ᠵᠢᠯ ᠳᠤ ᠣᠯᠠᠨ ᠲᠥᠯᠥᠪᠵᠢᠭᠦᠯᠬᠦ︾ ᠦᠷᠭᠦᠯᠵᠢᠯᠡᠨ ᠲᠥᠯᠥᠪᠵᠢᠭᠦᠯᠬᠦ ᠲᠣᠭᠲᠠᠴᠠ ᠶᠢ ᠪᠠᠶᠢᠭᠤᠯᠣᠨ᠂ ᠪᠦᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠶ᠂ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠡᠯ᠎ᠡ ᠲᠠᠯ᠎ᠠ ᠶᠢᠨ ᠬᠦᠴᠦᠨ ᠴᠢᠳᠠᠯ ᠪᠠ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠳᠠᠶᠢᠵᠢᠭᠤᠯᠣᠨ᠂ ᠴᠢᠬᠤᠯᠠ ᠶᠡᠭᠡ ᠲᠥᠷᠥᠯ ᠵᠦᠢᠯ ᠤᠨ ᠠᠵᠢᠯᠯᠠᠭᠠᠨ ᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号