ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠳᠤᠭᠤᠷᠢᠨ ᠪᠠᠶᠢᠴᠠᠭᠠᠬᠤ ᠲᠣᠭᠤᠶᠢᠯᠠᠩ ᠬᠢᠲᠠᠳ ᠡᠮᠨᠡᠯᠭᠡ ᠶᠢᠨ ᠬᠤᠷᠢᠶ᠎ᠠ ᠳᠤ ᠣᠷᠣᠵᠤ ᠰᠠᠭᠤᠬᠤ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
       3 ᠰᠠᠷ᠎ᠠ ᠶᠢᠨ 12 ᠤᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠲᠣᠭᠤᠶᠢᠯᠠᠩ ᠬᠢᠲᠠᠳ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠳᠤ ᠣᠷᠣᠵᠤ ᠰᠠᠭᠤᠬᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ᠃
       ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠲᠣᠭᠤᠷᠢᠨ ᠪᠠᠶᠢᠴᠠᠭᠠᠬᠤ ᠡᠭᠦᠷᠭᠡ ᠪᠣᠯᠤᠨ ᠲᠣᠬᠢᠷᠠᠭᠤᠯᠤᠯᠲᠠ ᠶᠢ ᠮᠡᠳᠡᠭᠳᠡᠵᠦ ᠲᠣᠭᠤᠷᠢᠨ ᠪᠠᠶᠢᠴᠠᠭᠠᠡᠡᠳ᠋ᠬᠠᠰᠡᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠪᠡ᠃ ᠠᠷᠠᠳᠴᠢᠯᠠᠯ ᠢᠶᠠᠷ ᠰᠢᠯᠭᠠᠨ ᠦᠨᠡᠯᠡᠬᠦ ᠱᠠᠭᠠᠷᠳᠠᠯᠭ᠎ᠠ ᠶᠣᠰᠣᠭᠠᠷ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠤᠳᠤᠷᠢᠳᠬᠤ ᠪᠠᠭ ᠪᠣᠯᠤᠨ ᠵᠠᠩᠭᠢᠯᠠᠭ᠎ᠠ ᠶᠢᠨ ᠺᠠᠳ᠋ᠷ ᠲᠤ ᠠᠷᠠᠳᠴᠢᠯᠠᠯ ᠢᠶᠠᠷ ᠰᠢᠯᠭᠠᠨ ᠦᠨᠡᠯᠡᠯᠲᠡ ᠬᠢᠪᠡ᠃ ᠬᠤᠷᠠᠯ ᠠᠴᠠ ᠴᠢᠩᠭᠠᠳᠬᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠣᠨ ᠲᠠᠨᠢᠵᠤ᠂ ᠡᠮᠨᠡᠯᠭᠡ ᠶᠢᠨ ᠬᠤᠷᠢᠶ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠳᠣᠷ ᠬᠠᠩᠭᠠᠬᠤ ᠬᠡᠷᠡᠭᠲᠡᠶ᠃ ᠤᠯᠤᠰ ᠲᠥᠷᠥ ᠶᠢᠨ ᠲᠣᠭᠤᠷᠢᠨ  ᠪᠠᠶᠢᠴᠠᠭᠠᠯᠳᠠ ᠶᠢ ᠭᠦᠡᠵᠡᠭᠡᠶᠢᠷᠡᠭᠦᠯᠵᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠭᠤᠤᠯᠳᠠᠯᠭ᠎ᠠ ᠪᠠᠨ ᠡᠵᠡᠮᠳᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠯᠳᠠ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠳᠦᠷᠢᠮ ᠲᠣᠭᠲᠠᠭᠠᠯ ᠰᠠᠬᠢᠯᠭ᠎ᠠ ᠪᠠᠲᠤ ᠪᠣᠯᠤᠨ ᠬᠠᠤᠯᠢ ᠴᠠᠭᠠᠵᠠ ᠶᠣᠰᠣᠭᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠨ ᠲᠣᠭᠤᠷᠢᠨ ᠪᠠᠶᠢᠴᠠᠭᠠᠬᠤ ᠠᠵᠢᠯ ᠢ ᠢᠳᠡᠪᠬᠢᠲᠡᠶ ᠳᠠᠮᠵᠢᠨ ᠬᠠᠮᠵᠢᠯᠴᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤᠪᠠᠷ ᠰᠠᠶᠢᠳᠣᠷ ᠪᠡᠶᠡᠯᠡᠭᠦᠯᠬᠦ ᠬᠡᠷᠡᠭᠲᠡᠶ ᠭᠡᠵᠡᠶ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号