ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠤᠭᠤᠶᠢᠯᠠᠩ ᠲᠤᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
       3 ᠰᠠᠷ᠎ᠠ ᠶᠢᠨ 13 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠤᠭᠤᠶᠢᠯᠠᠩ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠨ ᠠᠭᠤᠯᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠤᠣ ᠮᠥᠷᠡᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠳᠤ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠤᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂  ᠳᠣᠯᠣᠳᠤᠭᠠᠷ  ᠡᠭᠡᠯᠵᠢ  ᠶᠢᠨ  ᠲᠣᠭᠤᠷᠢᠨ  ᠪᠠᠶᠢᠴᠠᠭᠠᠯᠳᠠ  ᠶᠢᠨ  ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠤᠭᠤᠶᠢᠯᠠᠩ ᠤᠨ ᠪᠥᠬᠦ ᠪᠦᠷᠢᠯᠳᠦᠬᠦᠨ᠂ ᠡᠯ᠎ᠡ ᠲᠣᠭᠤᠷᠢᠨ ᠪᠠᠶᠢᠴᠠᠭᠠᠡᠡᠳᠠᠬᠤ ᠪᠠᠶᠢᠭᠤᠯᠭ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠡᠯ᠎ᠡ ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ᠂ ᠬᠠᠮᠲᠤ ᠶᠢᠨ ᠠᠵᠤ ᠠᠬᠤᠶ ᠶᠢᠨ ᠬᠤᠯᠪᠣᠭᠠᠲᠤ ᠬᠤᠷᠰᠢᠶᠠᠵᠢᠯ ᠤᠨ ᠭᠤᠤᠯ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠬᠥᠮᠦᠰ  ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠬᠤᠰᠢᠭᠤᠨ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠳᠤᠭᠤᠷᠢᠨ ᠪᠠᠶᠢᠴᠠᠭᠠᠯᠳᠠ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠣᠭᠤᠶᠢᠯᠠᠩ ᠤᠨ ᠳᠠᠷᠤᠭ᠎ᠠ ᠠᠴᠠ ᠲᠤᠰ ᠲᠤᠰ ᠲᠣᠭᠤᠷᠢᠨ ᠪᠠᠶᠢᠴᠠᠭᠠᠬᠤ ᠡᠭᠦᠷᠭᠡ ᠪᠠ ᠲᠣᠬᠢᠷᠠᠭᠤᠯᠤᠯᠲᠠ ᠶᠢ ᠮᠡᠳᠡᠭᠳᠡᠵᠦ᠂ ᠬᠤᠰᠢᠭᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠠᠴᠠ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠶᠠᠷᠢᠶ᠎ᠠ ᠲᠠᠯᠪᠢᠬᠤ ᠶᠢᠨ ᠬᠠᠮᠲᠤ ᠲᠣᠭᠤᠷᠢᠨ ᠪᠠᠶᠢᠴᠠᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃
       ᠡᠯ᠎ᠡ ᠲᠣᠭᠤᠷᠢᠨ ᠪᠠᠶᠢᠴᠠᠭᠠᠡᠡᠳᠠᠬᠤ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠠᠴᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ︔ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠶ ᠬᠠᠮᠵᠢᠯᠴᠠᠨ᠎ᠠ︔ ᠣᠷᠣᠰᠢᠵᠤ ᠪᠠᠶᠢᠭ᠎ᠠ ᠠᠰᠠᠭᠤᠳᠠᠯ ᠢ ᠳᠠᠷᠤᠤ ᠬᠢᠴᠢᠶᠡᠩᠭᠦᠶ ᠪᠠᠷ ᠬᠦᠯᠢᠶᠡᠨ ᠠᠪᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠤᠰᠢᠭᠤᠨ ᠨᠠᠮ ᠤᠨ ᠬᠤᠷᠢᠶ᠎ᠠ ᠳᠤ ᠨᠢᠭᠡᠨ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠦ ᠢᠯᠡᠷᠬᠡᠶᠢᠯᠡᠵᠡᠭᠡᠪᠡ᠃
       ᠠᠷᠠᠳᠴᠢᠯᠠᠯ ᠢᠶᠠᠷ ᠰᠢᠯᠭᠠᠨ ᠦᠨᠡᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠣᠭᠤᠷᠢᠨ ᠪᠠᠶᠢᠴᠠᠭᠠᠭᠳᠠᠬᠤ ᠪᠠᠶᠢᠭᠤᠯᠭ᠎ᠠ ᠨᠢᠭᠡᠴᠡ ᠶᠢᠨ ᠤᠳᠤᠷᠢᠳᠬᠤ ᠪᠠᠭ ᠪᠣᠯᠤᠨ ᠭᠤᠤᠯᠯᠠᠭᠴᠢ ᠺᠠᠳ᠋ᠷ ᠢ ᠠᠷᠠᠳᠴᠢᠯᠠᠯ ᠢᠶᠠᠷ ᠰᠢᠯᠭᠠᠨ ᠦᠨᠡᠯᠡᠪᠡ᠃ ︵ᠴᠡᠯᠮᠡᠭ᠂ ᠵᠣᠤ ᠶᠠ ᠨᠠᠨ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号