ᠰᠠᠶᠢᠬᠠᠡᠳᠠᠯ᠎ᠠ ᠰᠤᠮᠤ ᠶᠢᠨ ᠪᠠᠶᠠᠨᠨᠠᠭᠤᠷ ᠭᠠᠴᠠᠭᠠᠨ ᠤ ᠮᠠᠯᠴᠢᠳ ᠬᠤᠴᠠ ᠬᠤᠪᠢᠶᠠᠨ ᠣᠯᠪᠠ
ᠨᠡᠶᠢᠲᠡᠯᠡᠭᠰᠡᠨ ᠴᠠᠭ᠄
2025/3/15
       ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠳᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠵᠤᠤ ᠤᠳᠠ ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠢ ᠠᠬᠢᠭᠤᠯᠤᠨ᠂ ᠮᠠᠯᠴᠢᠳ ᠤᠨ ᠲᠡᠵᠢᠭᠡᠨ ᠦᠷᠡᠵᠢᠭᠦᠯᠬᠦ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠰᠠᠶᠢᠬᠠᠡᠳᠠᠯ᠎ᠠ ᠰᠤᠮᠤ ᠶᠢᠨ ᠪᠠᠶᠠᠨᠨᠠᠭᠤᠷ ᠭᠠᠴᠠᠭᠠᠨ ᠤ 30 ᠮᠠᠯᠴᠢᠨ ᠡᠷᠦᠬᠡ ᠳᠤ ᠦᠨ᠎ᠡ ᠲᠥᠯᠥᠪᠤᠷᠢ ᠥᠬᠡᠶ 30 ᠲᠣᠯᠣᠭᠠᠶ ᠨᠠᠷᠢᠨ ᠨᠤᠤᠰᠤᠲᠤ ᠬᠤᠴᠠ ᠬᠤᠪᠢᠶᠠᠨ ᠥᠭᠪᠡ  ᠃
       ᠨᠠᠷᠢᠨ ᠨᠤᠤᠰᠤᠲᠤ ᠬᠤᠨᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠴᠡᠭ ᠪᠣᠯᠤᠭᠰᠠᠨ ᠰᠠᠶᠢᠬᠠᠨᠲᠠᠯ᠎ᠠ ᠰᠤᠮᠤ ᠶᠢᠨ ᠪᠠᠶᠠᠨᠨᠠᠭᠤᠷ ᠭᠠᠴᠠᠭ᠎ᠠ ᠳᠤ᠂ 2019 ᠣᠨ ᠳᠤ ᠨᠠᠷᠢᠨ ᠨᠣᠣᠰᠣᠲᠤ ᠬᠤᠴᠠ ᠣᠷᠣᠭᠤᠯᠤᠨ ᠠᠪᠴᠢᠷᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠣᠳᠣ ᠪᠣᠯᠲᠠᠯ᠎ᠠ 40 ᠮᠠᠯᠴᠢᠨ ᠡᠷᠦᠬᠡ ᠨᠠᠷᠢᠨ ᠨᠤᠤᠰᠤᠲᠤ ᠬᠤᠨᠢ ᠲᠡᠵᠢᠭᠡᠨ ᠦᠷᠡᠵᠢᠭᠦᠯᠵᠦ᠂ ᠨᠠᠷᠢᠨ ᠨᠤᠤᠰᠤᠲᠤ ᠬᠤᠨᠢ ᠲᠡᠵᠢᠭᠡᠨ ᠦᠷᠡᠵᠢᠭᠦᠯᠦᠭᠰᠡᠨ ᠲᠤᠭ᠎ᠠ ᠬᠡᠮᠵᠢᠶ᠎ᠡ 2000 ᠭᠠᠷᠤᠶ ᠲᠣᠯᠣᠭᠠᠶ ᠬᠦᠷᠴᠦ᠂ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠥᠭᠵᠢᠯᠲᠡ ᠳᠤ ᠮᠡᠳᠡᠭᠳᠡᠮ᠎ᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
       ᠡᠨᠡ ᠤᠳᠠᠭ᠎ᠠ ᠨᠠᠷᠢᠨ ᠨᠤᠤᠰᠤᠲᠤ ᠬᠤᠴᠠ ᠬᠤᠪᠢᠶᠠᠭᠰᠠᠨ ᠨᠢ ᠮᠠᠯᠵᠢᠬᠤ ᠡᠷᠦᠬᠡ ᠶᠢᠨ ᠴᠢᠨᠠᠷ ᠰᠠᠶᠢᠲᠠᠶ ᠦᠷ᠎ᠡ ᠶᠢᠨ ᠮᠠᠯ ᠬᠤᠳᠠᠯᠳᠤᠨ ᠠᠪᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠬᠤ ᠶᠢ ᠴᠢᠨᠠᠭᠰᠢᠳᠠ ᠠᠬᠢᠭᠤᠯᠵᠤ᠂ ᠮᠠᠯ ᠰᠦᠷᠦᠭ ᠤᠨ ᠪᠦᠬᠦᠯᠢ ᠴᠣᠭᠴᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠦᠢᠯᠡᠰ ᠤᠨ ᠴᠢᠨᠠᠷ ᠰᠠᠶᠢᠳᠡᠢ ᠬᠥᠭᠵᠢᠯᠲᠡ ᠪᠣᠯᠤᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠬᠤᠶᠢᠰᠢᠳᠠ᠂ ᠰᠠᠶᠢᠬᠠᠡᠳᠠᠯ᠎ᠠ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠢ ᠢᠳᠡᠪᠬᠢᠲᠡᠶ ᠵᠣᠬᠢᠶᠠᠨ ᠪᠠᠶᠢᠭᠤᠯᠣᠨ ᠥᠷᠨᠢᠭᠦᠯᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠮᠡᠷᠭᠡᠵᠢᠯ ᠴᠢᠳᠠᠪᠤᠷᠢ ᠬᠢᠭᠡᠳ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠷᠢᠨ ᠨᠤᠤᠰᠤᠲᠤ ᠬᠤᠨᠢ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠶᠢᠨ ᠳᠠᠭᠠᠤ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠢᠳᠡᠪᠬᠢᠲᠡᠶ ᠪᠠᠷ ᠵᠣᠬᠢᠴᠠᠭᠤᠯᠵᠤ᠂ ᠪᠣᠷᠣᠯᠠᠭᠤᠯᠬᠤ ᠠᠷᠭ᠎ᠠ ᠵᠠᠮ ᠢ ᠨᠢ ᠦᠷᠭᠡᠳᠬᠡᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠬᠠᠮᠤᠭ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃
       ᠣᠶᠢᠯᠠᠭᠠᠡᠡᠰᠡᠨ ᠢᠶᠠᠷ᠂ ᠡᠨᠡᠬᠦ ᠨᠠᠷᠢᠨ ᠨᠤᠤᠰᠤᠲᠤ ᠬᠤᠨᠢ ᠨᠢ ᠨᠤᠤᠰᠤ ᠨᠣᠣᠯᠣᠷ ᠤᠨ ᠦᠨ᠎ᠡ ᠦᠷᠲᠡᠭ ᠥᠨᠳᠥᠷ ᠢᠶᠠᠷ ᠪᠠᠷᠠᠬᠤ ᠥᠬᠡᠶ ᠥᠰᠥᠯᠲᠡ ᠲᠦᠷᠭᠡᠨ᠂ ᠦᠷᠡᠵᠢᠯ ᠲᠥᠯᠵᠢᠯ ᠢᠶᠠᠷ ᠰᠠᠶᠢᠨ᠂ ᠮᠢᠬ᠎ᠠ ᠨᠢ ᠰᠢᠮ᠎ᠡ ᠰᠠᠶᠢᠲᠠᠶ ᠵᠡᠷᠭᠡ ᠮᠠᠰᠢ ᠠᠷᠪᠢᠨ ᠳᠠᠪᠠᠭᠤᠯᠢᠭ ᠲᠠᠢ᠃                                              ᠴᠢᠮᠡᠭᠡᠯᠡᠭᠴᠢ᠄ ᠴᠡᠯᠮᠡᠭ᠂ ᠲᠤᠯᠭᠠᠭᠤᠷᠢ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号