ᠠᠷᠤ ᠬᠤᠷᠴᠢᠨ ᠬᠤᠰᠢᠭᠤ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 15 ᠤ ᠡᠳᠦᠷ᠂ ᠳᠥᠴᠢᠨ ᠭᠤᠷᠪᠠᠳᠠᠬᠢ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠢ ᠲᠣᠬᠢᠶᠠᠯᠳᠤᠭᠤᠯᠤᠨ᠂ ᠠᠷᠤ ᠬᠤᠷᠴᠢᠨ ᠬᠤᠰᠢᠭᠤ ︽ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠬᠤ︾ ᠭᠤᠤᠯ ᠰᠡᠳᠦᠪᠲᠦ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠠᠵᠢᠯᠯᠠᠭ᠎ᠠ ᠥᠷᠨᠢᠭᠦᠯᠵᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠬᠡᠷᠡᠭᠯᠡᠭᠡᠨ ᠤ ᠣᠷᠴᠢᠨ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠡᠯ᠎ᠡ ᠰᠠᠯᠠᠭ᠎ᠠ ᠮᠥᠴᠢᠷ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ᠂ ︽ᠨᠢᠭᠡ ᠥᠷᠲᠡᠭᠡᠨ ᠤ ᠬᠡᠯᠪᠡᠷᠢ︾ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠠᠪᠴᠠᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠬᠡᠷᠡᠭᠯᠡᠭᠴᠢᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠴᠦ᠂ ᠥᠷᠭᠡᠨ ᠣᠯᠠᠨ ᠬᠡᠷᠡᠭᠯᠡᠭᠴᠢᠳ ᠤᠨ ᠬᠡᠷᠡᠭᠯᠡᠭᠡᠨ ᠤ ᠡᠷᠬᠡ ᠶᠢᠨ ᠲᠤᠬᠠᠶ ᠤᠬᠠᠮᠰᠠᠷ ᠢ ᠴᠢᠩᠭᠠᠷᠠᠭᠤᠯᠤᠨ᠂ ᠠᠮᠤᠷ ᠲᠦᠪᠰᠢᠨ ᠬᠡᠷᠡᠭᠯᠡᠭᠡ ᠶᠢᠨ ᠣᠷᠴᠢᠨ ᠨᠥᠬᠦᠴᠡᠯ ᠢ ᠪᠣᠢ ᠪᠣᠯᠭᠠᠬᠤ ᠶᠢᠨ ᠬᠠᠮᠲᠤ ᠲᠤᠰᠬᠠᠶ ᠪᠠᠶᠢᠭᠤᠯᠤᠮᠵᠢ ᠲᠠᠢ ᠬᠠᠮᠲᠤᠷᠠᠨ ᠡᠯᠧᠺᠲᠷᠣᠨ ᠵᠢᠩᠯᠡᠭᠦᠷ᠂ ᠴᠢᠰᠤᠨ ᠳᠠᠷᠤᠯᠲᠠ ᠶᠢᠨ ᠬᠡᠮᠵᠢᠭᠦᠷ ᠵᠡᠷᠭᠡ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠥᠬᠡᠶ ᠪᠠᠷ ᠪᠠᠶᠢᠴᠠᠭᠠᠵᠤ᠂ ᠰᠠᠭᠤᠭᠠᠯᠢ ᠠᠷᠠᠳ ᠲᠤ ᠬᠡᠮᠵᠢᠯᠲᠡ ᠶᠢᠨ ᠭᠡᠮ ᠬᠢᠬᠦ ᠶᠢ ᠰᠡᠷᠭᠡᠶᠢᠯᠡᠬᠦ ᠢᠯᠭᠠᠨ ᠲᠠᠨᠢᠬᠤ ᠤᠷ᠎ᠠ ᠮᠡᠷᠭᠡᠵᠢᠯ ᠢ ᠡᠵᠡᠮᠰᠢᠭᠦᠯᠪᠡ᠃
       ᠢᠳᠡᠭᠡᠨ ᠤ ᠠᠮᠤᠷ ᠲᠦᠪᠰᠢᠨ ᠤ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠷᠠᠳ ᠤᠨ ᠰᠠᠨᠠᠭ᠎ᠠ ᠶᠢᠨ ᠤᠳᠤᠷᠢᠳᠤᠮᠵᠢ ᠶᠢᠨ ᠬᠡᠯᠪᠡᠷᠢᠲᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠠᠷᠠᠳ ᠤᠨ ᠰᠠᠨᠠᠭ᠎ᠠ ᠶᠢ ᠬᠠᠨᠳᠤᠯᠭ᠎ᠠ ᠲᠠᠢ ᠪᠠᠷ ᠬᠤᠷᠢᠶᠠᠨ ᠴᠤᠭᠯᠠᠭᠤᠯᠬᠤ ᠠᠵᠢᠯ ᠢ ᠥᠷᠨᠢᠭᠦᠯᠵᠦ᠂ ᠬᠡᠷᠡᠭᠯᠡᠭᠴᠢᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠬᠦ ᠠᠵᠢᠯᠲᠠᠳ ᠲᠠᠢ ᠬᠠᠮᠵᠢᠯᠴᠠᠨ ᠭᠤᠤᠯᠳᠠᠯᠭ᠎ᠠ ᠲᠠᠢ ᠬᠤᠳᠠᠯᠳᠤᠭᠠᠨ ᠤ ᠬᠡᠲᠦ ᠳᠡᠯᠭᠡᠭᠦᠷ ᠵᠢᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠠᠨᠳᠤᠯᠭ᠎ᠠ ᠲᠠᠢ ᠪᠠᠷ ᠦᠯᠢᠭᠡᠷ ᠠᠪᠴᠤ᠂ ᠰᠤᠷᠭᠠᠭᠤᠯᠢ ᠶᠢᠨ ᠲᠣᠭᠤᠭᠠᠨ ᠭᠡᠷ᠂ ᠢᠳᠡᠭᠡᠨ ᠤ ᠦᠢᠯᠡᠣᠡᠪᠣᠷᠢᠯᠡᠯ ᠤᠨ ᠠᠵᠤ ᠠᠬᠤᠶᠢᠯᠠᠯ ᠳᠤ ᠡᠬᠢ ᠡᠭᠦᠰᠦᠯ ᠢ ᠨᠢ ᠡᠷᠢᠬᠦ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠡᠡᠰᠡᠨ ᠦᠷ᠎ᠡ ᠳ᠋ᠦᠩ ᠤᠨ ᠪᠦᠬᠦ ᠶᠠᠪᠤᠴᠠ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢᠶᠠᠷ ᠳᠠᠮᠵᠢᠭᠤᠯᠤᠨ ᠬᠥᠳᠡᠯᠦᠩᠭᠦᠶ ᠪᠠᠷ ᠨᠡᠶᠢᠳᠡᠯᠡᠪᠡ᠃ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠵᠦᠢᠯ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠡᠬᠢᠯᠡᠭᠦᠯᠪᠡ᠃
       ᠠᠵᠢᠯᠯᠠᠭᠠᠨ ᠤ ᠲᠤᠰ ᠡᠳᠦᠷ ᠲᠤ ᠪᠠᠶᠢᠴᠠᠭᠠᠨ ᠭᠠᠷᠭᠠᠭᠰᠠᠨ ᠬᠤᠭᠤᠴᠠᠭ᠎ᠠ ᠬᠡᠲᠦᠷᠡᠭᠰᠡᠨ ᠤᠮᠳᠠᠭᠠᠨ᠂ ᠬᠢᠷᠢ ᠲᠡᠩᠴᠡᠬᠦ ᠦᠭᠡᠢ ᠢᠳᠡᠭᠡᠨ ᠤ ᠵᠦᠢᠯ ᠵᠡᠷᠭᠡ ᠡᠷᠬᠡ ᠳᠤ ᠬᠠᠯᠳᠠᠭᠰᠠᠨ ᠪᠠᠷᠠᠭ᠎ᠠ ᠲᠠᠸᠠᠷ ᠢ ᠲᠥᠪᠯᠡᠷᠡᠭᠦᠯᠦᠨ ᠤᠰᠠᠳᠬᠠᠵᠤ᠂ ᠬᠤᠤᠷ ᠦᠭᠡᠶᠢᠳᠡᠭᠦᠯᠦᠨ ᠰᠢᠢᠳᠪᠦᠷᠢᠯᠡᠬᠦ ᠠᠯᠬᠤᠮ ᠳᠠᠷᠠᠭᠠᠯᠠᠯ ᠢᠶᠠᠷ ᠴᠢᠩᠭ᠎ᠠ ᠶᠠᠪᠤᠭᠳᠠᠭᠤᠯᠤᠨ ᠭᠦᠢᠴᠡᠣᠡᠭᠡᠪᠡ᠃
       ᠣᠶᠢᠯᠠᠭᠠᠡᠡᠰᠡᠨ ᠢᠶᠠᠷ  ᠲᠤᠰ ᠤᠳᠠᠭᠠᠨ ᠤ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠳᠤ ᠵᠡᠷᠭᠡᠪᠡᠷ ᠬᠡᠷᠡᠭᠵᠢᠭᠦᠯᠦᠨ ᠶᠠᠪᠤᠭᠳᠠᠭᠤᠯᠬᠤ ᠶᠢᠨ ᠬᠠᠮᠲᠤ ᠬᠤᠳᠠᠯᠳᠤᠭᠠᠨ ᠤ ᠲᠠᠯᠠᠪᠤᠷ ᠬᠤᠳᠠᠯᠳᠤᠭᠠᠨ ᠤ ᠡᠷᠦᠬᠡ ᠶᠢᠨ LED ᠳᠡᠯᠭᠡᠴᠡᠲᠦ ᠪᠦᠬᠦᠯᠢ ᠡᠳᠦᠷ ᠤᠨ ᠤᠷᠢᠶ᠎ᠠ ᠯᠤᠽᠦ᠋ᠩ ᠤᠬᠠᠭᠤᠯᠭ᠎ᠠ ᠬᠥᠮᠦᠵᠢᠯ ᠤᠨ ᠵᠢᠭᠰᠠᠭᠠᠯ᠂ ᠨᠡᠶᠢᠭᠡᠮ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠶᠠᠷᠢᠶᠠᠨ ᠤ ᠲᠠᠩᠬᠢᠮ ᠵᠡᠷᠭᠡ ᠠᠴᠢᠶᠠᠯᠠᠪᠤᠷᠢ ᠶᠢ ᠪᠠᠶᠢᠭᠤᠯᠬᠤ ᠪᠠᠷ ᠳᠡᠮᠵᠢᠭᠤᠯᠤᠨ ᠬᠡᠷᠡᠭᠯᠡᠭᠡᠨ ᠤ ᠠᠮᠤᠷ ᠲᠦᠪᠰᠢᠨ ᠤ ᠬᠥᠮᠦᠵᠢᠯ ᠢ ᠬᠤᠲᠠ ᠬᠥᠳᠡᠭᠡ ᠪᠦᠬᠦ ᠬᠡᠪᠴᠢᠶᠡᠨ ᠳᠤ ᠨᠡᠪᠴᠢᠭᠦᠯᠬᠦ ᠶᠢ ᠪᠡᠶᠡᠯᠡᠭᠦᠯᠵᠦ᠂ ᠨᠡᠶᠢᠭᠡᠮ ᠢᠶᠠᠷ ᠢᠶᠠᠨ ᠬᠠᠮᠲᠤᠳᠠ ᠵᠠᠰᠠᠬᠤ ᠬᠡᠷᠡᠭᠯᠡᠭᠡᠨ ᠤ ᠠᠮᠤᠷ ᠲᠦᠪᠰᠢᠨ ᠤ ᠵᠠᠰᠠᠯᠲᠠ ᠶᠢᠨ ᠬᠦᠴᠦᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ︵ᠰᠠᠶᠢᠬᠠᠡᠬᠤᠸᠠᠷ᠂ ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号