ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2025/3/18
       ᠣᠶᠢᠷ᠎ᠠ ᠶᠢᠨ ᠡᠳᠦᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠠᠵᠢᠯ ᠢ ᠲᠣᠭᠤᠷᠢᠨ ᠪᠠᠶᠢᠴᠠᠭᠠᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠳᠡᠳ᠋ ᠡᠷᠬᠢᠯᠡᠭᠴᠢ ᠶᠠᠩ ᠾᠦᠢ ᠶᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠭᠦᠸᠧ ᠳ᠋ᠦᠩ ᠵᠢᠴᠢ ᠬᠤᠲᠠ᠂ ᠬᠤᠰᠢᠭᠤᠨ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠭᠤᠷᠢᠨ  ᠪᠠᠶᠢᠴᠠᠭᠠᠬᠤ  ᠳᠤ  ᠣᠷᠣᠯᠴᠠᠭᠰᠠᠨ  ᠪᠥᠭᠡᠳ  ᠶᠠᠷᠢᠯᠴᠠᠬᠤ  ᠬᠤᠷᠠᠯ  ᠬᠢᠪᠡ᠃
       ᠳᠣᠭᠤᠷᠢᠨ ᠪᠠᠶᠢᠴᠠᠭᠠᠬᠤ ᠲᠣᠭᠤᠶᠢᠯᠠᠩ ᠤᠨ ᠬᠢᠨ ᠤᠷᠢᠳ ᠬᠤᠵᠢᠳ ᠴᠢᠪᠠᠭ᠎ᠠ ᠪᠠᠯᠭᠠᠰᠤᠨ ᠤ ᠰᠢᠨ ᠫᠢᠩ ᠲᠣᠰᠬᠤᠨ᠂ ᠱᠤᠸᠠᠩ ᠱᠧᠩ ᠪᠠᠯᠭᠠᠰᠤᠨ ᠤ ᠪᠧᠶ ᠱᠠᠨ ᠲᠣᠰᠬᠤᠨ᠂ ᠪᠠᠯᠴᠢᠷᠤᠳ ᠰᠤᠮᠤ ᠶᠢᠨ ᠰᠠᠷᠠᠭᠤᠯᠲᠠᠯ᠎ᠠ ᠭᠠᠴᠠᠭ᠎ᠠ᠂ ᠬᠠᠨᠰᠦ᠋ᠮ᠎ᠡ ᠰᠤᠮᠤ ᠶᠢᠨ ᠬᠤᠰᠤᠳᠤᠪᠤᠯᠠᠭ ᠭᠠᠴᠠᠭ᠎ᠠ᠂ ᠪᠠᠶᠠᠨᠬᠤᠸᠠ ᠪᠠᠯᠭᠠᠰᠤ ᠶᠢᠨ ᠦ᠋ ᠢ ᠲᠣᠰᠬᠤᠨ ᠳᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠤ ᠬᠤᠭᠤᠷᠣᠨᠳᠣᠬᠢ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠶᠢᠳᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠪᠠᠶᠢᠳᠡᠯ ᠤᠨ ᠲᠠᠨᠢᠯᠴᠠᠭᠤᠯᠭ᠎ᠠ ᠶᠢ ᠰᠣᠨᠣᠰᠬᠤ ᠶᠢᠨ ᠬᠠᠮᠲᠤ ᠲᠤᠬᠠᠶ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠪᠠ᠃
       ᠳᠤᠭᠤᠷᠢᠨ ᠪᠠᠶᠢᠴᠠᠭᠠᠬᠤ ᠲᠣᠭᠤᠶᠢᠯᠠᠩ ᠤᠨ ᠬᠢᠨ ᠮᠠᠨ ᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠯᠤᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ᠂ ᠲᠠᠷᠢᠶᠠᠨ ᠭᠠᠵᠠᠷ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠬᠢᠭᠡᠳ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠭᠦᠨ ᠠᠭᠤᠰᠤᠯᠴᠠᠯ ᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠶᠠᠷᠢᠯᠴᠠᠬᠤ ᠬᠤᠷᠠᠯ ᠳᠡᠭᠡᠷ᠎ᠡ ᠮᠦ ᠭᠦᠸᠧ ᠳ᠋ᠦᠩ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠠᠷᠢᠯᠴᠠᠵᠠᠶ᠃
       ᠵᠠᠩ ᠬᠤᠩ ᠰᠢᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠣᠨ ᠲᠠᠨᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠢ ᠰᠠᠶᠢᠲᠤᠷ ᠣᠶᠢᠯᠠᠭᠠᠵᠤ᠂ ᠬᠠᠨᠳᠤᠯᠭᠠᠲᠤ ᠴᠢᠨᠠᠷᠲᠠᠶ ᠪᠠᠷ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠡᠷᠢᠨ ᠭᠠᠷᠭᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ᠂ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠣᠯ ᠠᠮᠤ ᠪᠤᠳᠠᠭᠠᠨ ᠤ ᠠᠮᠤᠷ ᠲᠦᠪᠰᠢᠨ ᠮᠥᠨ ᠭᠡᠳᠡᠭ ᠢ ᠲᠠᠨᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠤᠰᠤᠯᠠᠯᠲᠠ ᠶᠢᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠴᠢᠨᠠᠷ ᠰᠠᠶᠢᠲᠠᠶ ᠲᠥᠯᠬᠢᠨ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠰᠲ᠋ᠧᠮᠲᠤ ᠰᠡᠳᠬᠢᠬᠦᠶ ᠶᠢ ᠪᠤᠶ ᠪᠣᠯᠭᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠡᠷᠭᠢᠨ ᠲᠣᠭᠤᠷᠢᠨ ᠤ ᠣᠶᠢᠳᠤ ᠭᠠᠵᠠᠷ᠂ ᠭᠤᠤᠯ ᠭᠤᠷᠤᠬ᠎ᠠ᠂ ᠠᠶᠢᠯ ᠲᠣᠰᠬᠤᠨ ᠯᠤᠭ᠎ᠠ ᠶᠢᠨ ᠬᠠᠷᠢᠴᠠᠭ᠎ᠠ ᠶᠢ ᠭᠦᠢᠴᠡᠣᠨ ᠪᠣᠳᠣᠯᠬᠢᠯᠠᠬᠤ ᠬᠡᠷᠡᠭᠲᠡᠶ᠃ ᠪᠠᠷᠢᠮᠵᠢᠶ᠎ᠠ ᠶᠢ ᠡᠵᠡᠮᠰᠢᠨ᠂ ᠲᠤᠬᠠᠶ ᠶᠢᠨ ᠭᠠᠵᠠᠷ ᠣᠷᠣᠨ ᠤ ᠪᠠᠶᠢᠳᠡᠯ ᠳᠤᠨᠢ ᠲᠣᠬᠢᠷᠠᠭᠤᠯᠤᠨ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠭᠦᠢᠴᠡᠣᠨ ᠠᠰᠢᠭᠯᠠᠨ᠂ ᠮᠦ ᠪᠦᠷᠢ ᠶᠢᠨ ᠤᠰᠤᠯᠠᠯᠲᠠ ᠶᠢᠨ ᠬᠡᠮᠵᠢᠶ᠎ᠡ ᠶᠢ ᠣᠨᠣᠪᠴᠢᠲᠠᠶ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠪᠤᠴᠠ ᠶᠢ ᠰᠠᠶᠢᠲᠤᠷ ᠡᠵᠡᠮᠳᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢ ᠣᠨᠣᠪᠴᠢᠲᠠᠶ ᠡᠵᠡᠮᠳᠡᠵᠦ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠲᠥᠷᠥᠯ ᠵᠦᠢᠯ ᠤᠨ ᠴᠢᠨᠠᠷ ᠰᠠᠶᠢᠳᠡᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠵᠢᠯ ᠤᠨ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠠᠷᠢᠶᠠᠯᠠᠩ ᠤᠨ ᠣᠳᠣᠬᠢᠴᠢᠯᠡᠯᠲᠡ ᠶᠢᠨ ᠠᠬᠢᠴᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃       ︵ᠯᠢ ᠬᠤᠸᠠᠨ ᠢᠦᠶ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号