3 ᠰᠠᠷ᠎ᠠ ᠶᠢᠨ 14 ᠤ ᠡᠳᠦᠷ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ ᠬᠠᠮᠲᠤᠷᠠᠨ 2025 ᠣᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ᠂ | ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠣᠭᠤᠶᠢᠯᠠᠩ ᠤᠨ ᠳᠡᠳ᠋ ᠱᠦᠵᠢ ᠬᠠᠨ ᠵᠢᠶᠧ | ᠬᠤᠷᠠᠯ ᠳᠤ ᠣᠷᠣᠯᠴᠠᠵᠤ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠸᠧᠶ | ᠬᠤᠸᠠ ᠬᠤᠷᠠᠯ ᠡᠷᠭᠢᠯᠡᠪᠡ᠃ | | | | ᠬᠤᠷᠠᠯ ᠳᠡᠭᠡᠷ᠎ᠡ᠂ ᠬᠠᠨ ᠵᠢᠶᠧ ︽2025 ᠣᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠵᠦ᠂ ᠰᠠᠨᠠᠯ | ᠳᠤᠷᠠᠳᠤᠯᠭ᠎ᠠ ᠶᠢᠨ ᠠᠭᠤᠯᠭ᠎ᠠ᠂ ᠭᠤᠤᠯᠯᠠᠨ ᠡᠷᠬᠢᠯᠡᠬᠦ ᠨᠢᠭᠡᠴᠡ ᠪᠣᠯᠤᠨ ᠬᠠᠮᠵᠢᠯᠴᠠᠨ ᠭᠦᠢᠴᠡᠣᠡᠭᠡᠬᠦ ᠨᠢᠭᠡᠴᠡ ᠶᠢ | ᠲᠣᠳᠣᠷᠬᠠᠶᠢᠯᠠᠪᠠ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ | ᠳᠥᠷᠪᠡᠳᠦᠭᠡᠷ ᠬᠤᠷᠠᠯᠳᠤᠭᠠᠨ ᠤ ᠬᠤᠭᠤᠴᠠᠭᠠᠨ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠡᠶᠢᠲᠡ 143 | ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ 85 ᠬᠤᠪᠢ ᠰᠠᠨᠠᠯ | ᠳᠤᠷᠠᠳᠤᠯᠭ᠎ᠠ ᠶᠢ ᠨᠡᠶᠢᠯᠡᠭᠦᠯᠤᠨ ᠬᠡᠷᠡᠭ ᠪᠣᠯᠭᠠᠨ ᠳᠠᠩᠰᠠᠯᠠᠵᠦ᠂ 21 ᠰᠠᠯᠠᠭ᠎ᠠ ᠮᠥᠴᠢᠷ ᠲᠤ ᠲᠤᠰᠢᠶᠠᠨ ᠥᠭᠴᠦ | ᠰᠢᠢᠳᠪᠦᠷᠢᠯᠡᠭᠦᠯᠪᠡ᠃ | | | | ᠭᠦᠸᠧ ᠯᠦ ᠮᠧᠩ ᠵᠢᠭᠠᠵᠤ ᠭᠠᠷᠭᠠᠭᠰᠠᠨ ᠨᠢ᠂ ᠰᠠᠨᠠᠯ ᠳᠤᠷᠠᠳᠤᠯᠭ᠎ᠠ ᠨᠢ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ | ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠭᠦᠢᠴᠡᠣᠡᠭᠡᠬᠦ ᠵᠠᠩᠭᠢᠯᠠᠭ᠎ᠠ ᠶᠢᠨ | ᠠᠴᠢᠶᠠᠯᠠᠪᠤᠷᠢ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠯᠠᠨ ᠲᠦᠮᠡᠨ ᠤ | ᠰᠡᠳᠬᠢᠯ ᠤᠨ ᠦᠭᠡ ᠶᠢ ᠰᠣᠨᠣᠰᠬᠤ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ ᠴᠢᠬᠤᠯᠠ ᠬᠥᠭᠦᠷᠭᠡ ᠮᠥᠨ᠂ | ᠡᠯ᠎ᠡ ᠰᠠᠯᠠᠭ᠎ᠠ ᠮᠥᠴᠢᠷ ᠤᠨ ᠬᠢᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠳᠣᠷ ᠬᠢᠵᠦ᠂ | ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠰᠠᠨᠠᠯ | ᠳᠤᠷᠠᠳᠤᠯᠭ᠎ᠠ ᠶᠢᠨ ᠠᠳᠠᠯᠢ ᠪᠤᠰᠤ ᠲᠥᠷᠥᠯ ᠬᠡᠯᠪᠡᠷᠢ ᠶᠢ ᠦᠨᠳᠦᠰᠦᠯᠡᠨ ᠨᠠᠷᠢᠯᠢᠭ ᠣᠨᠣᠴᠠᠲᠠᠶ ᠪᠠᠷ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ ᠰᠢᠢᠳᠪᠦᠷᠢᠯᠡᠬᠦ ᠠᠬᠢᠴᠠ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ | ᠰᠢᠢᠳᠪᠦᠷᠢᠯᠡᠬᠦ ᠶᠠᠪᠤᠴᠠ ᠳᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠪᠤᠳᠠᠯ ᠢ ᠡᠳᠦᠷ ᠲᠣᠲᠤᠮ ᠤᠨ | ᠲᠣᠬᠠᠶᠢᠯᠬᠠᠰᠡᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠰᠢᠢᠳᠪᠦᠷᠢᠯᠡᠬᠦ ᠰᠡᠳᠬᠢᠴᠡ ᠪᠠᠨ ᠢᠳᠡᠪᠬᠢᠲᠡᠶ | ᠰᠢᠨ᠎ᠡ ᠪᠠᠷ ᠡᠭᠦᠳᠴᠦ᠂ ᠲᠦᠷᠦᠭᠦᠯᠡᠨ ᠰᠢᠢᠳᠪᠦᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠪᠠᠷ ᠳᠠᠮᠵᠢᠭᠤᠯᠤᠨ ᠨᠢᠭᠡ ᠪᠦᠯᠦᠭ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠠᠷ | ᠴᠢᠷᠮᠠᠶᠢᠵᠤ᠂ ᠨᠢᠭᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠲᠦᠯᠬᠢᠨ ᠠᠬᠢᠭᠤᠯᠵᠤ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠱᠠᠭᠠᠷᠳᠡᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠡᠯ ᠳᠤ ᠴᠢᠭᠯᠡᠭᠦᠯᠦᠨ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ | ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠭᠤᠯᠤᠨ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠲᠦᠯᠬᠢᠨ | ᠠᠬᠢᠭᠤᠯᠬᠤ ᠬᠡᠷᠡᠭᠲᠡᠶ᠃ ᠢᠦᠶ ᠸᠧᠶ ᠬᠤᠸᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠳᠤ ᠪᠣᠳᠠᠲᠠᠶ | ᠪᠠᠶᠢᠷᠢᠯᠠᠭᠤᠯᠣᠯᠳᠠ ᠬᠢᠵᠡᠶ᠃ | ᠬᠤᠷᠠᠯ ᠤᠨ ᠳᠠᠷᠠᠭ᠎ᠠ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ | ᠵᠥᠪᠯᠡᠯ ᠠᠴᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠲᠣᠬᠠᠶᠢᠯᠠᠭᠰᠠᠨ ᠠᠵᠢᠯ ᠤᠨ ᠪᠣᠯᠪᠠᠰᠤᠷᠠᠯ ᠤᠨ | ᠬᠤᠷᠠᠯ ᠢ ᠵᠣᠬᠢᠶᠠᠨ ᠪᠠᠢᠭᠤᠯᠪᠠ᠃ ᠬᠤᠰᠢᠭᠤᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ | ᠠᠯᠪᠠᠨ ᠭᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠡᠯ᠎ᠡ ᠲᠤᠰᠬᠠᠶ ᠵᠥᠪᠯᠡᠯ ᠤᠨ ᠬᠠᠷᠢᠭᠤᠴᠠᠯᠭᠠᠲᠠᠨ᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ | ᠵᠥᠪᠯᠡᠯ ᠤᠨ ᠭᠡᠰᠢᠭᠦᠨ᠂ ᠡᠯ᠎ᠡ ᠳᠠᠭᠠᠭᠠᠨ ᠭᠦᠢᠴᠡᠣᠡᠭᠡᠬᠦ ᠨᠢᠭᠡᠴᠡ ᠶᠢᠨ ᠬᠠᠷᠢᠭᠤᠴᠠᠯᠭᠠᠲᠠᠨ ᠪᠠ ᠬᠤᠯᠪᠣᠭᠠᠴᠢᠨ | ᠬᠤᠷᠠᠯ ᠳᠤ ᠣᠷᠣᠯᠴᠠᠵᠠᠶ᠃ ︵ᠵᠣᠤ ᠶᠠ ᠨᠠᠨ︶ |