3 ᠰᠠᠷ᠎ᠠ ᠶᠢᠨ 17 ᠤ ᠡᠳᠦᠷ᠂ ᠠᠷᠤ ᠬᠤᠷᠴᠢᠨ ᠬᠤᠰᠢᠭᠤ 2025 ᠣᠨ ᠤ ᠳᠡᠭᠡᠷ᠎ᠡ ᠬᠠᠭᠠᠰ ᠵᠢᠯ ᠤᠨ | ᠰᠢᠨ᠎ᠡ ᠴᠡᠷᠢᠭ ᠢ ᠴᠡᠷᠢᠭ ᠲᠤ ᠮᠣᠷᠳᠠᠭᠤᠯᠬᠤ ᠶᠣᠰᠣᠯᠠᠯ ᠶᠠᠪᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠤᠯᠤᠰ ᠤᠨ ᠪᠠᠳᠣᠯᠠᠨ ᠬᠠᠮᠠᠭᠠᠯᠠᠯᠲᠠ ᠶᠢᠨ ᠲᠠᠶᠢᠴᠢᠯᠠᠯᠳᠡ ᠶᠢᠨ | ᠵᠥᠪᠯᠡᠯ ᠤᠨ ᠡᠷᠬᠢᠯᠡᠭᠴᠢ ᠴᠧᠨ ᠬᠤ᠋ ᠨᠠᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ | ᠲᠥᠷᠥ ᠶᠢᠨ ᠭᠡᠰᠢᠭᠦᠨ ᠰᠦᠩ ᠵᠢᠶᠠᠨ ᠹᠧᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠢᠦᠶ ᠭᠠᠩ ᠶᠣᠰᠣᠯᠠᠯ ᠳᠤ ᠣᠷᠣᠯᠴᠠᠵᠤ᠂ ᠬᠤᠰᠢᠭᠤᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠳᠠᠷᠤᠭ᠎ᠠ ᠯᠢ ᠴᠦᠨ ᠱᠧᠩ ᠶᠣᠰᠣᠯᠠᠯ ᠢ ᠡᠷᠬᠢᠯᠡᠪᠡ᠃ | | | | | ᠦᠳᠡ ᠶᠢᠨ ᠬᠤᠶᠢᠨᠡᠬᠢ 13 ᠴᠠᠭ ᠤᠨ ᠦᠶ᠎ᠡ ᠪᠠᠷ᠂ ᠶᠣᠰᠣᠯᠠᠯ ᠨᠢ ᠤᠯᠤᠰ ᠤᠨ ᠰᠦᠯᠳᠡ ᠳᠠᠭᠤᠤ ᠶᠢᠨ | ᠳᠤᠮᠳᠠ ᠬᠥᠰᠢᠭᠡ ᠪᠠᠨ ᠰᠡᠬᠦᠵᠦ᠂ ᠴᠡᠷᠢᠭ ᠲᠤ ᠤᠷᠤᠭᠰᠠᠨ ᠰᠢᠨ᠎ᠡ ᠴᠡᠷᠢᠭ ᠪᠠᠶᠢᠯᠳᠤᠭᠴᠢ ︽ᠨᠢᠭᠡ ᠬᠥᠮᠦᠨ | ᠴᠡᠷᠢᠭ ᠲᠤ ᠣᠷᠣᠪᠠᠯ ᠪᠥᠬᠦ ᠭᠡᠷ ᠢᠶᠠᠷ ᠢᠶᠠᠨ ᠢᠷᠠᠭᠤ ᠠᠯᠳᠠᠷᠲᠠᠶ︾ ᠭᠡᠰᠡᠨ ᠪᠦᠴᠡ ᠨᠥᠮᠥᠷᠴᠦ᠂ ᠴᠡᠷᠢᠭ ᠲᠤ | ᠮᠣᠷᠳᠠᠬᠤ ᠳᠤ ᠪᠡᠯᠡᠬᠡᠨ ᠪᠣᠯᠤᠯ᠎ᠠ᠃ | | | | ᠶᠣᠰᠣᠯᠠᠯ ᠳᠡᠭᠡᠷ᠎ᠡ᠂ ᠴᠢᠪᠠᠭ᠎ᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ | ᠰᠢᠨ᠎ᠡ ᠴᠡᠷᠢᠭ ᠲᠤ ᠴᠡᠴᠡᠭ ᠵᠡᠭᠦᠯᠭᠡᠵᠦ᠂ ᠰᠢᠨ᠎ᠡ ᠴᠡᠷᠢᠭ ᠤᠨ ᠪᠠᠶᠢᠯᠳᠣᠡᠡᠴᠢᠣᠨ ᠤᠨ ᠲᠥᠯᠥᠭᠡᠯᠡᠭᠴᠢ᠂ ᠰᠢᠨ᠎ᠡ | ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠴᠧᠨ ᠬᠣ᠋ ᠨᠠᠨ᠂ | ᠰᠦᠩ ᠵᠢᠶᠠᠨ ᠹᠧᠩ᠂ ᠯᠢ ᠴᠦᠨ ᠱᠧᠩ᠂ ᠢᠦᠶ ᠭᠠᠩ ᠲᠤᠰ ᠲᠤᠰ ᠴᠡᠷᠢᠭ ᠤᠨ ᠭᠡᠷ ᠪᠦᠯᠢ ᠶᠢᠨ ᠬᠢᠨ ᠳᠤ | ︽ᠢᠷᠠᠭᠤ ᠠᠯᠳᠠᠷᠲᠤ ᠭᠡᠷ ᠪᠦᠯᠢ︾ ᠭᠡᠬᠦ ᠢᠯᠡᠷᠬᠡᠶᠢᠯᠡᠯ ᠣᠯᠭᠤᠪᠠ᠃ | | | | ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠡ ᠶᠢᠨ ᠵᠥᠪᠯᠡᠯ ᠵᠢᠴᠢ ᠪᠦᠬᠦ ᠬᠤᠰᠢᠭᠤᠨ ᠤ ᠠᠷᠠᠳ ᠲᠦᠮᠡᠨ ᠢ ᠲᠥᠯᠥᠭᠡᠯᠡᠨ ᠰᠢᠨ᠎ᠡ | ᠴᠡᠷᠢᠭ ᠪᠠᠶᠢᠯᠳᠤᠭᠴᠢᠳ ᠲᠤ ᠪᠠᠶᠠᠷ ᠬᠦᠷᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠭᠰᠡᠨ ᠰᠢᠨ᠎ᠡ ᠴᠡᠷᠢᠭ ᠤᠨ ᠭᠡᠷ ᠪᠦᠯᠢ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠵᠡᠶ᠃ ᠲᠡᠷᠡ ᠵᠢᠭᠠᠵᠤ ᠭᠠᠷᠭᠠᠬᠤ ᠳᠠᠭᠠᠨ᠂ ᠰᠢᠨ᠎ᠡ ᠴᠡᠷᠢᠭ ᠪᠠᠶᠢᠯᠳᠤᠭᠴᠢᠳ ᠢᠲᠡᠭᠡᠯ ᠵᠣᠷᠢᠭ ᠢᠶᠠᠨ | ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠤᠯᠤᠰ ᠤᠨ ᠠᠰᠢᠭ ᠲᠤᠰᠠ ᠶᠢ ᠴᠢᠬᠤᠯᠠᠴᠢᠯᠠᠵᠤ | ᠳᠠᠶᠢᠨ ᠤ ᠲᠠᠯᠠᠪᠤᠷ ᠲᠤ ᠬᠦᠴᠦ ᠪᠠᠨ ᠡᠷᠭᠦᠬᠦ ᠪᠠᠷ ᠢᠷᠠᠭᠤ ᠠᠯᠳᠠᠷ ᠢᠶᠠᠨ ᠪᠣᠯᠭᠠᠵᠤ᠂ ᠰᠦᠭ ᠰᠦᠨᠡᠰᠦ ᠲᠠᠢ᠂ | ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠰᠢᠯᠢᠳᠡᠭ ᠴᠡᠷᠢᠭ | ᠪᠣᠯᠬᠤ ᠪᠠᠷ ᠴᠢᠷᠮᠠᠶᠢᠬᠤ ᠬᠡᠷᠡᠭᠲᠡᠶ︔ ᠵᠢᠯᠣᠭᠤᠳᠤᠯᠭ᠎ᠠ ᠶᠢ ᠳᠠᠭᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ | ᠴᠡᠷᠢᠭ ᠠᠩᠭᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠣᠷᠣᠨ ᠨᠤᠲᠤᠭ ᠤᠨ | ᠵᠠᠯᠠᠭᠤᠴᠤᠳ ᠬᠢᠷᠢ ᠲᠡᠩᠴᠡᠭᠰᠡᠨ ᠴᠡᠷᠢᠭ ᠤᠨ ᠬᠥᠮᠦᠨ ᠪᠣᠯᠤᠨ ᠡᠷᠲᠡᠬᠡᠨ ᠬᠤᠪᠢᠷᠠᠭᠤᠯᠬᠤ ᠬᠡᠷᠡᠭᠲᠡᠶ᠃ ᠡᠷᠳᠡᠮ | ᠴᠢᠳᠠᠪᠤᠷᠢ ᠪᠠᠨ ᠰᠢᠷᠭᠠᠭᠤ ᠪᠣᠯᠪᠠᠰᠤᠷᠠᠭᠤᠯᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠵᠣᠷᠢᠭᠲᠡᠶ ᠪᠠᠷ | ᠡᠷᠡᠯᠬᠡᠭᠯᠡᠨ ᠲᠡᠮᠡᠴᠡᠬᠦ᠂ ᠬᠡᠵᠢᠶᠡᠳᠡ ᠪᠠᠭᠤᠵᠤ ᠥᠭᠬᠦ ᠥᠭᠡᠶ ᠡᠷᠴᠢ ᠵᠣᠷᠢᠭ ᠢᠶᠠᠷ ᠴᠡᠷᠢᠭ ᠠᠩᠭᠢ ᠶᠢᠨ ᠡᠨᠡ ᠬᠦ ᠲᠣᠮᠣ | ᠲᠠᠪᠴᠠᠩ ᠳᠡᠭᠡᠷ᠎ᠡ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠴᠡᠷᠢᠭ ᠤᠨ ᠬᠤᠸᠠᠷᠠᠨ ᠳᠤ ᠬᠠᠲᠠᠭᠤᠵᠢᠨ | ᠪᠣᠯᠪᠠᠰᠤᠷᠠᠵᠤ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ | ᠰᠠᠶᠢᠲᠤᠷ ᠬᠢᠵᠦ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ | ᠴᠡᠷᠢᠭ ᠪᠠᠶᠢᠯᠳᠤᠭᠴᠢᠳ ᠤᠨ ᠰᠠᠨᠠᠭ᠎ᠠ ᠠᠮᠤᠷ ᠠᠯᠪᠠ ᠬᠠᠭᠠᠵᠤ᠂ ᠴᠡᠷᠢᠭ ᠤᠨ ᠬᠤᠸᠠᠷᠠᠨ ᠳᠤ ᠭᠠᠪᠢᠶ᠎ᠠ | ᠪᠠᠶᠢᠭᠤᠯᠬᠤ ᠶᠢᠨ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠲᠡᠶ ᠭᠡᠵᠡᠶ᠃ | | | | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠴᠡᠷᠢᠭ ᠤᠨ ᠳᠠᠭᠤᠤ ᠶᠢᠨ ᠳᠤᠮᠳᠠ ᠰᠢᠨ᠎ᠡ | ᠴᠡᠷᠢᠭ ᠪᠠᠶᠢᠯᠳᠤᠭᠴᠢᠳ ᠡᠬᠡ ᠤᠯᠤᠰ ᠲᠠᠭᠠᠨ ᠬᠦᠴᠦ ᠪᠠᠨ ᠡᠷᠭᠦᠬᠦ ᠭᠡᠬᠦᠳᠡᠭ ᠳᠦᠭᠦᠷᠡᠩ ᠰᠡᠳᠬᠢᠯ ᠢᠶᠠᠷ ᠴᠡᠷᠢᠭ ᠤᠨ | ᠬᠤᠸᠠᠷᠠᠨ ᠳᠠᠭᠠᠨ ᠮᠣᠷᠳᠠᠵᠤ᠂ ᠴᠣ ᠰᠢᠨ᠎ᠡ ᠴᠡᠷᠢᠭ ᠤᠨ ᠠᠮᠢᠳᠤᠷᠠᠯ ᠢᠶᠠᠨ ᠡᠬᠢᠯᠡᠭᠦᠯᠵᠡᠶ᠃ ︵ᠰᠠᠶᠢᠬᠠᠡᠬᠤᠸᠠᠷ᠂ ᠯᠢᠦ | ᠰᠢᠨ ᠲᠢᠩ︶ |