ᠨᠢᠭᠡ᠂ ᠭᠦᠩ ᠶᠤᠸᠠᠨ ᠵᠡᠭᠡᠯᠢ | 1. ᠭᠦᠩ ᠶᠤᠸᠠᠨ ᠵᠡᠭᠡᠯᠢ ᠶᠢᠨ ᠪᠠᠷᠢᠯᠭ᠎ᠠ ᠶᠢᠨ ᠠᠵᠢᠯ ᠢ 3 ᠬᠡᠰᠡᠭ ᠬᠤᠪᠢᠶᠠᠨ ᠶᠠᠪᠤᠭᠳᠠᠭᠤᠯᠤᠨ᠎ᠠ᠃ | ︵1︶ ᠨᠢᠭᠡᠳᠦᠭᠡᠷ ᠬᠡᠰᠡᠭ ᠤᠨ ᠪᠠᠷᠠᠭᠤᠨ ᠵᠠᠬ᠎ᠠ ᠳᠡᠯᠭᠡᠭᠦᠷ ᠵᠠᠮ ᠠᠴᠠ ᠴᠢᠪᠠᠭ᠎ᠠ ᠵᠠᠮ ᠬᠦᠷᠲᠡᠯᠡᠬᠢ | ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠨᠢ 2025 ᠣᠨ ᠤ 3 ᠰᠠᠷ᠎ᠠ ᠶᠢᠨ | 17 ᠤ ᠡᠳᠦᠷ᠃ | ᠲᠤᠰ ᠭᠡᠰᠡᠭ ᠲᠤ ᠴᠢᠪᠠᠭ᠎ᠠ ᠭᠤᠷᠪᠠᠳᠤᠭᠠᠷ ᠳᠤᠮᠳᠠᠳᠤ ᠰᠤᠷᠭᠠᠭᠤᠯᠢ ︵ᠰᠤᠷᠭᠠᠭᠤᠯᠢ ᠶᠢᠨ ᠪᠠᠭᠰᠢ | ᠰᠤᠷᠤᠭᠴᠢᠳ ᠣᠷᠣᠵᠤ ᠭᠠᠷᠬᠤ ᠳᠤ ᠪᠠᠨ ᠬᠤᠶᠢᠳᠦ ᠡᠭᠦᠳᠡ ᠪᠤᠶᠤ ᠵᠡᠭᠦᠨ ᠲᠠᠯ᠎ᠠ ᠶᠢᠨ ᠲᠡᠷᠭᠡᠨ ᠵᠣᠭᠰᠣᠭᠠᠯ ᠢᠶᠠᠷ | ᠲᠣᠭᠤᠷᠢᠵᠤ ᠶᠠᠪᠤᠭᠠᠷᠠᠶ︶᠂ ᠴᠢᠪᠠᠭ᠎ᠠ ᠬᠤᠶᠠᠳᠤᠭᠠᠷ ᠪᠠᠭ᠎ᠠ ᠰᠤᠷᠭᠠᠭᠤᠯᠢ ︵ᠰᠤᠷᠭᠠᠭᠤᠯᠢ ᠶᠢᠨ ᠪᠠᠭᠰᠢ ᠰᠤᠷᠤᠭᠴᠢᠳ | ᠴᠢᠪᠠᠭ᠎ᠠ ᠶᠡᠭᠡ ᠵᠡᠭᠡᠯᠢ ᠶᠢ ᠲᠣᠭᠤᠷᠢᠵᠤ ᠶᠠᠪᠤᠨ᠂ ᠭᠦᠩ ᠶᠤᠸᠠᠨ ᠵᠡᠭᠡᠯᠢ ᠲᠠᠢ ᠰᠣᠯᠪᠢᠴᠠᠭᠰᠠᠨ ᠵᠠᠮ ᠤᠨ ᠠᠭᠤᠯᠵᠠᠷ ᠢ | ᠠᠯᠭᠤᠷ ᠥᠩᠭᠡᠷᠡᠵᠦ᠂ ᠵᠠᠮ ᠤᠨ ᠠᠭᠤᠯᠵᠠᠷ ᠲᠤ ᠤᠳᠠᠭᠠᠨ ᠵᠣᠭᠰᠣᠬᠤ ᠠᠴᠠ ᠵᠠᠶᠢᠯᠠᠰᠬᠢᠬᠡᠷᠠᠢ︶᠂ ᠵᠢᠶᠠ ᠾᠧ | ᠶᠤᠸᠠᠨ ᠰᠠᠭᠤᠭᠠᠯᠢ ᠲᠣᠭᠤᠷᠢᠭ᠂ ᠸᠧᠢ ᠬᠠᠶ ᠱᠧᠩ ᠬᠢᠲᠠᠳ ᠧᠦ᠋ᠷᠣᠫᠠ ᠡᠮᠨᠡᠯᠭᠡ ᠶᠢᠨ ᠭᠠᠵᠠᠷ᠂ ᠬᠠᠭᠤᠴᠢᠨ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ | ᠲᠠᠯ᠎ᠠ ᠶᠢᠨ ᠰᠠᠭᠤᠭᠠᠯᠢ ᠲᠣᠭᠤᠷᠢᠭ ᠬᠤᠯᠪᠣᠭᠲᠠᠨᠠ ︵ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ | ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ | ᠨᠡᠪᠲᠡᠷᠡᠬᠦ ᠶᠢ ᠴᠠᠭᠠᠵᠠᠯᠠᠨ᠎ᠠ︶᠃ | ︵2︶ ᠬᠤᠶᠠᠳᠤᠭᠠᠷ ᠬᠡᠰᠡᠭ ᠤᠨ ᠴᠢᠶᠠᠨ ᠶᠢᠨ ᠵᠠᠮ ᠠᠴᠠ ᠤᠣ ᠮᠥᠷᠡᠨ ᠵᠠᠮ ᠬᠦᠷᠲᠡᠯᠡᠬᠢ ᠵᠠᠮ ᠤᠨ | ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠨᠢ 2025 ᠣᠨ ᠤ 3 ᠰᠠᠷ᠎ᠠ ᠶᠢᠨ 18 ᠤ | ᠡᠳᠦᠷ᠃ | ᠲᠤᠰ ᠬᠡᠰᠡᠭ ᠲᠤ ᠲᠢᠶᠠᠨ ᠱᠥᠸᠧ ᠵᠢᠶᠠ ᠶᠤᠸᠠᠨ ᠰᠠᠭᠤᠭᠠᠯᠢ ᠲᠣᠭᠤᠷᠢᠭ ︵ᠰᠠᠭᠤᠭᠠᠯᠢ ᠠᠷᠠᠳ ᠣᠷᠣᠵᠤ | ᠭᠠᠷᠬᠤ ᠳᠤ ᠪᠠᠨ ᠬᠤᠶᠢᠳᠦ ᠡᠭᠦᠳᠡ ᠪᠤᠶᠤ ᠵᠡᠭᠦᠨ ᠡᠭᠦᠳᠡ ᠪᠠᠷ ᠲᠣᠭᠤᠷᠢᠵᠤ ᠶᠠᠪᠤᠭᠠᠷᠠᠶ︶᠂ ᠡᠯ ᠽᠢ ᠠᠷᠢᠬᠢᠨ | ᠮᠤᠬᠤᠯᠠᠭ ︵ᠲᠢᠶᠠᠨ ᠱᠥᠸᠧ ᠵᠢᠶᠠ ᠶᠤᠸᠠᠨ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠶᠢᠨ ᠵᠠᠮ ᠢᠶᠠᠷ ᠲᠣᠭᠤᠷᠢᠵᠤ | ᠴᠢᠪᠠᠭ᠎ᠠ ᠶᠡᠭᠡ ᠵᠡᠭᠡᠯᠢ ᠳᠤ ᠬᠦᠷᠦᠨ᠎ᠡ︶᠂ ᠮᠢᠨ ᠱᠧᠩ ᠡᠮᠨᠡᠯᠭᠡ ᠶᠢᠨ ᠬᠤᠷᠢᠶ᠎ᠠ ᠵᠢᠴᠢ ᠵᠠᠮ ᠤᠨ ᠬᠤᠶᠠᠷ ᠲᠠᠯ᠎ᠠ ᠶᠢᠨ | ᠬᠤᠳᠠᠯᠳᠤᠭᠠᠨ ᠤ ᠲᠢᠩᠬᠢᠮ ᠬᠤᠯᠪᠣᠭᠳᠠᠨ᠎ᠠ ︵ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ | ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ | ᠴᠠᠭᠠᠵᠠᠯᠠᠨ᠎ᠠ︶᠃ | ︵3︶ ᠭᠤᠷᠪᠠᠳᠤᠭᠠᠷ ᠬᠡᠰᠡᠭ ᠤᠨ ᠴᠢᠪᠠᠭ᠎ᠠ ᠵᠠᠮ ᠠᠴᠠ ᠴᠢᠶᠠᠨ ᠶᠢᠨ ᠵᠠᠮ ᠬᠦᠷᠲᠡᠯᠡᠬᠢ ᠵᠠᠮ ᠤᠨ ᠬᠤᠶᠠᠷ | ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 5 ᠰᠠᠷ᠎ᠠ ᠶᠢᠨ 1 ᠤ ᠡᠳᠦᠷ ᠢᠶᠠᠷ | ᠠᠩᠬ᠎ᠠ ᠲᠣᠭᠲᠠᠵᠤ᠂ ᠪᠣᠳᠠᠲᠠᠶ ᠬᠦᠷᠢᠶᠡᠯᠡᠨ ᠪᠢᠲᠡᠭᠦᠮᠵᠢᠯᠡᠬᠦ ᠴᠠᠭ ᠢ ᠪᠠᠷᠢᠯᠭ᠎ᠠ ᠶᠢᠨ ᠠᠵᠢᠯ ᠥᠷᠨᠢᠭᠦᠯᠬᠦ ᠠᠴᠠ | ᠡᠮᠦᠨ᠎ᠡ ᠬᠤᠶᠠᠷ ᠡᠳᠦᠷ ᠤᠷᠢᠳᠴᠢᠯᠠᠨ ᠨᠡᠶᠢᠲᠡᠯᠡᠨ᠎ᠡ᠃ | ᠲᠤᠰ ᠬᠡᠰᠡᠭ ᠲᠤ ᠠᠮᠤ ᠪᠤᠳᠠᠭᠠᠨ ᠤ ᠰᠠᠭᠤᠭᠠᠯᠢ ᠲᠣᠭᠤᠷᠢᠭ᠂ ᠠᠮᠤ ᠪᠤᠳᠠᠭᠠᠨ ᠤ ᠠᠷᠠᠯᠵᠢᠶᠠᠨ ᠤ | ᠰᠠᠭᠤᠭᠠᠯᠢ ᠲᠣᠭᠤᠷᠢᠭ᠂ ᠮᠧᠩ ᠲᠢᠶᠠᠨ ᠠᠮᠤ ᠲᠣᠰᠣᠨ ᠤ ᠬᠢᠵᠠᠭᠠᠷᠲᠤ ᠺᠣᠮᠫᠠᠨᠢ᠂ ᠠᠮᠤ ᠪᠤᠳᠠᠭᠠᠨ ᠤ ᠬᠥᠮᠥᠷᠭᠡ ᠶᠢᠨ | ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ | ︵ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ | ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ︶᠃ | 2. ᠡᠯ ᠽᠢ ᠠᠷᠢᠬᠢᠨ ᠮᠤᠬᠤᠯᠠᠭ ᠤᠨ ᠪᠠᠷᠠᠭᠤᠨ ᠲᠠᠯ᠎ᠠ ᠶᠢᠨ 丁ᠦᠰᠦᠭ ᠤᠨ ᠬᠡᠯᠪᠡᠷᠢ ᠶᠢᠨ ᠵᠠᠮ ᠤᠨ | ᠠᠭᠤᠯᠵᠠᠷ ᠢ ᠪᠠᠷᠢᠯᠭ᠎ᠠ ᠶᠢᠨ ᠠᠵᠢᠯ ᠥᠷᠨᠢᠭᠦᠯᠬᠦ ᠦᠶᠡᠰ ᠲᠦᠷ ᠴᠠᠭ ᠪᠢᠲᠡᠭᠦᠮᠵᠢᠯᠡᠨ᠎ᠡ᠂ ᠪᠢᠲᠡᠭᠦᠮᠵᠢᠯᠡᠬᠦ ᠴᠠᠭ | ᠬᠤᠭᠤᠴᠠᠭ᠎ᠠ ᠶᠢ 4 ᠡᠳᠦᠷ ᠢᠶᠠᠷ ᠠᠩᠬ᠎ᠠ ᠲᠣᠭᠲᠠᠪᠠ᠃ | 3. ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠲᠠᠯ᠎ᠠ ᠶᠢᠨ ᠲᠤᠨᠣᠯᠵᠢᠨ ᠵᠠᠮ ᠤᠨ ᠠᠭᠤᠯᠵᠠᠷ ᠢ | ᠪᠠᠷᠢᠯᠭ᠎ᠠ ᠶᠢᠨ ᠠᠵᠢᠯ ᠥᠷᠨᠢᠭᠦᠯᠬᠦ ᠥᠶᠡᠰ ᠲᠦᠷ ᠴᠠᠭ ᠪᠢᠲᠡᠭᠦᠮᠵᠢᠯᠡᠨ᠎ᠡ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 | ᠡᠳᠦᠷ ᠢᠶᠠᠷ ᠠᠩᠬ᠎ᠠ ᠲᠣᠭᠲᠠᠪᠠ᠃ | 4. ᠭᠠᠵᠠᠷ ᠳᠤᠤᠷᠠᠬᠢ ᠳᠠᠮᠵᠢᠭᠤᠯᠬᠤ ᠬᠤᠭᠤᠯᠠᠶ ᠶᠢᠨ ᠲᠤᠤᠷ ᠡᠭᠡᠳᠡᠷᠡᠭᠡᠨ ᠪᠤᠳᠤᠯᠢᠶᠠᠨᠲᠠᠶ ᠠᠴᠠ ᠪᠣᠯᠵᠤ | ᠪᠠᠷᠢᠯᠭ᠎ᠠ ᠶᠢᠨ ᠠᠬᠢᠴᠠ ᠳᠤ ᠲᠦᠢᠯ ᠤᠨ ᠶᠡᠭᠡ ᠨᠥᠯᠥᠭᠡ ᠦᠵᠡᠭᠦᠯᠬᠦ ᠪᠣᠯᠬᠤᠷ ᠠᠩᠬ᠎ᠠ ᠠᠯᠬᠤᠮ ᠤᠨ | ᠲᠥᠯᠥᠪᠯᠡᠭᠡ ᠪᠠᠷ ᠪᠠᠷᠢᠯᠭ᠎ᠠ ᠶᠢᠨ ᠠᠵᠢᠯ ᠶᠠᠪᠤᠭᠳᠠᠬᠤ ᠬᠤᠭᠤᠴᠠᠭ᠎ᠠ ᠨᠢ 4 ᠰᠠᠷ᠎ᠠ ᠪᠣᠯᠤᠨ᠎ᠠ᠂ ᠪᠠᠷᠢᠯᠭ᠎ᠠ ᠶᠢᠨ | ᠠᠬᠢᠴᠠ ᠶᠢ ᠦᠨᠳᠦᠰᠦᠯᠡᠨ ᠵᠢᠭᠠᠬᠠᠨ ᠤᠷᠢᠳᠴᠢᠯᠠᠬᠤ ᠪᠤᠶᠤ ᠬᠤᠶᠢᠰᠢᠯᠠᠬᠤ ᠪᠣᠯᠤᠮᠵᠢ ᠲᠠᠢ᠂ ᠡᠯ᠎ᠡ ᠰᠠᠭᠤᠭᠠᠯᠢ | ᠲᠣᠭᠤᠷᠢᠭ ᠤᠨ ᠬᠢᠨ ᠲᠡᠷᠭᠡ ᠬᠥᠰᠬᠡ ᠪᠠᠨ ᠤᠷᠢᠳᠴᠢᠯᠠᠨ ᠰᠢᠯᠵᠢᠭᠦᠯᠵᠦ ᠰᠠᠶᠢᠳᠣᠷ ᠲᠣᠬᠢᠷᠠᠭᠤᠯᠤᠭᠠᠷᠠᠶ᠃ | ᠪᠠᠷᠢᠯᠭ᠎ᠠ ᠶᠢᠨ ᠠᠵᠢᠯ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠪᠤᠰᠤ ᠠᠪᠴᠢᠷᠠᠬᠤ ᠲᠤᠯᠠ | ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠥᠰᠡᠶ᠎ᠡ᠃ | | ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 3 ᠰᠠᠷ᠎ᠠ ᠶᠢᠨ 17 ᠤ ᠡᠳᠦᠷ |