ᠾᠧ ᠫᠢᠩ ᠭᠤᠳᠤᠮᠵᠢ ᠶᠢᠨ ᠵᠠᠮ ᠢ ᠬᠦᠷᠢᠶᠡᠯᠡᠨ ᠪᠢᠲᠡᠭᠦᠮᠵᠢᠯᠡᠵᠦ ᠪᠠᠷᠢᠯᠭ᠎ᠠ ᠶᠢᠨ ᠠᠵᠢᠯ ᠥᠷᠨᠢᠭᠦᠯᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/20
       ᠨᠢᠭᠡ᠂ ᠾᠧ ᠫᠢᠩ ᠭᠤᠳᠤᠮᠵᠢ        1.ᠾᠧ ᠫᠢᠩ ᠭᠤᠳᠤᠮᠵᠢ ᠶᠢᠨ ᠪᠠᠷᠢᠯᠭ᠎ᠠ ᠶᠢᠨ ᠠᠵᠢᠯ ᠢ 4 ᠬᠡᠰᠡᠭ ᠬᠤᠪᠢᠶᠠᠨ ᠶᠠᠪᠤᠭᠳᠠᠭᠤᠯᠤᠨ᠎ᠠ᠃        ︵1︶ ᠨᠢᠭᠡᠳᠦᠭᠡᠷ ᠬᠡᠰᠡᠭ ᠤᠨ ᠪᠠᠷᠠᠭᠤᠨ ᠵᠠᠬ᠎ᠠ ᠳᠡᠯᠭᠡᠭᠦᠷ ᠵᠠᠮ ᠠᠴᠠ ᠬᠤᠩ ᠰᠢᠩ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 3 ᠰᠠᠷ᠎ᠠ ᠶᠢᠨ 24 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠭᠡᠷ ᠬᠥᠷᠥᠩᠬᠡ ᠶᠢᠨ ᠰᠠᠭᠤᠭᠠᠯᠢ ᠲᠣᠭᠤᠷᠢᠭ᠂ ᠲᠢᠶᠠᠨ ᠷᠦᠢ ᠵᠢᠶᠠ ᠶᠤᠸᠠᠨ ᠰᠠᠭᠤᠭᠠᠯᠢ ᠲᠣᠭᠤᠷᠢᠭ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠡᠷ ᠪᠦᠯᠢ ᠶᠢᠨ ᠰᠠᠭᠤᠭᠠᠯᠢ ᠲᠤᠭᠤᠷᠢᠭ᠂ ᠬᠠᠩᠭᠠᠨ ᠪᠣᠷᠣᠯᠠᠭᠤᠯᠬᠤ ᠭᠡᠷ ᠪᠦᠯᠢ ᠶᠢᠨ ᠠᠰᠠᠷ ᠤᠨ ᠰᠠᠭᠤᠭᠠᠯᠢ ᠲᠤᠭᠤᠷᠢᠭ ᠤᠣ ᠮᠥᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠵᠠᠮ ᠤᠨ ᠬᠤᠶᠡᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ᠃ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵2︶ ᠬᠤᠶᠠᠳᠤᠭᠠᠷ ᠬᠡᠰᠡᠭ ᠤᠨ ᠴᠢᠶᠠᠨ ᠶᠢᠨ ᠵᠠᠮ ᠠᠴᠠ ᠤᠣ ᠮᠥᠷᠡᠨ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 3 ᠰᠠᠷ᠎ᠠ ᠶᠢᠨ 25 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠴᠢᠪᠠᠭ᠎ᠠ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ᠂ ᠴᠢᠪᠠᠭ᠎ᠠ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ︵ᠰᠤᠷᠭᠠᠭᠤᠯᠢ ᠶᠢᠨ ᠪᠠᠭᠰᠢ ᠰᠤᠷᠤᠭᠴᠢᠳ ᠣᠷᠣᠵᠤ ᠭᠠᠷᠬᠤ ᠳᠤ ᠪᠠᠨ ᠵᠡᠭᠦᠨ ᠡᠭᠦᠳᠡ ᠪᠠᠷ ᠲᠣᠭᠤᠷᠢᠵᠤ ᠶᠠᠪᠤᠭᠠᠷᠠᠶ︶᠂ ᠬᠤᠳᠠᠯᠳᠤᠭᠠᠨ ᠤ ᠶᠠᠪᠤᠳᠠᠯ ᠤᠨ ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ︔ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵3︶ ᠭᠤᠷᠪᠠᠳᠤᠭᠠᠷ ᠬᠡᠰᠡᠭ ᠤᠨ ᠬᠤᠩ ᠰᠢᠩ ᠵᠠᠮ ᠠᠴᠠ ᠴᠢᠪᠠᠭ᠎ᠠ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 4 ᠰᠠᠷ᠎ᠠ ᠶᠢᠨ 16 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠰᠢᠩ ᠹᠦ᠋ ᠵᠢᠶᠠ ᠶᠤᠸᠠᠨ ᠰᠠᠭᠤᠭᠠᠯᠢ ᠲᠣᠭᠤᠷᠢᠭ᠂ ᠲᠥᠯᠥᠪᠯᠡᠭᠡᠲᠦ ᠦᠷᠡᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ᠂ ᠠᠨ ᠲᠠᠢ ᠵᠢᠶᠠ ᠶᠤᠸᠠᠨ ᠰᠠᠭᠤᠭᠠᠯᠢ ᠲᠣᠭᠤᠷᠢᠭ᠂ ᠳᠤᠮᠳᠠᠳᠤ ᠤᠯᠤᠰ ᠤᠨ ᠨᠢᠭᠡᠳᠦᠮᠠᠯ ᠬᠤᠯᠪᠣᠭ᠎ᠠ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ᠃ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵4︶ ᠳᠥᠷᠪᠡᠳᠦᠭᠡᠷ ᠭᠡᠰᠡᠭ ᠤᠨ ᠴᠢᠪᠠᠭ᠎ᠠ ᠵᠠᠮ ᠠᠴᠠ ᠴᠢᠶᠠᠨ ᠶᠢᠨ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 4 ᠰᠠᠷ᠎ᠠ ᠶᠢᠨ 20 ᠤ ᠡᠳᠦᠷ ᠪᠠᠷ ᠠᠩᠬ᠎ᠠ ᠲᠣᠭᠲᠠᠪᠠ᠃        ᠲᠤᠰ ᠬᠡᠰᠡᠭ ᠲᠤ ᠬᠠᠭᠤᠴᠢᠨ ᠰᠢᠨ ᠾᠧ ᠰᠠᠭᠤᠭᠠᠯᠢ ᠲᠣᠭᠤᠷᠢᠭ᠂ ᠰᠢᠤᠲᠠᠨ ᠤ ᠶᠠᠪᠣᠳᠡᠯ ᠤᠨ ᠬᠦᠷᠢᠶᠡᠯᠡᠩ ᠤᠨ ᠰᠠᠭᠤᠭᠠᠯᠢ ᠲᠣᠭᠤᠷᠢᠭ᠂ ᠳᠤᠮᠳᠠᠳᠤ ᠤᠯᠤᠰ ᠤᠨ ᠨᠠᠪᠴᠢᠨ ᠲᠠᠮᠠᠬᠢ᠂ ᠬᠠᠭᠤᠴᠢᠨ ᠭᠡᠷ ᠬᠥᠷᠥᠩᠭᠡ ᠶᠢᠨ ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ︔ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        2. ᠲᠢᠶᠠᠨ ᠱᠠᠨ ᠶᠠᠨ ᠵᠣᠴᠢᠳ ᠤᠨ ᠪᠠᠭᠤᠳᠠᠯ ᠤᠨ ᠡᠭᠦᠳᠡᠨ ᠡᠮᠦᠨᠡᠬᠢ ᠲᠣᠨᠣᠯᠵᠢᠨ ᠵᠠᠮ ᠢ  ᠪᠠᠷᠢᠯᠭ᠎ᠠ ᠶᠢᠨ ᠠᠵᠢᠯ ᠥᠷᠨᠢᠭᠦᠯᠬᠦ ᠥᠶᠡᠰ ᠳᠦᠷ ᠴᠠᠭ ᠪᠢᠲᠡᠭᠦᠮᠵᠢᠯᠡᠨ᠎ᠠ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠬ‌‍ᠠᠠ᠋ ᠲᠣᠭᠲᠠᠪᠠ᠃        3. ᠪᠧᠶ ᠹᠠᠩ ᠵᠣᠴᠢᠳ ᠤᠨ ᠪᠠᠭᠤᠳᠠᠯ ᠤᠨ ᠡᠮᠦᠨ᠎ᠠ ᠲᠠᠯ᠎ᠠ ᠶᠢᠨ ᠲᠣᠨᠣᠯᠵᠢᠨ ᠵᠠᠮ ᠢ ᠪᠠᠷᠢᠯᠭ᠎ᠠ ᠶᠢᠨ ᠠᠵᠢᠯ ᠥᠷᠨᠢᠭᠦᠯᠬᠦ ᠥᠶᠡᠰ ᠲᠦᠷ ᠴᠠᠭ ᠪᠢᠲᠡᠭᠦᠮᠵᠢᠯᠡᠨ᠎ᠠ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠭ᠎ᠠ ᠲᠣᠭᠳᠠᠪᠠ᠂        4. ᠳ᠋ᠦᠩ ᠪᠧᠢ ᠬᠤᠭᠤᠯᠠᠨ ᠭᠡᠷ ᠤᠨ ᠵᠡᠭᠦᠨ ᠲᠠᠯ᠎ᠠ ᠶᠢᠨ ᠲᠣᠨᠣᠯᠵᠢᠨ ᠵᠠᠮ ᠢ ᠪᠠᠷᠢᠯᠭ᠎ᠠ ᠶᠢᠨ ᠠᠵᠢᠯ ᠥᠷᠨᠢᠭᠦᠯᠬᠦ ᠦᠶᠡᠰ ᠲᠦᠷ ᠴᠠᠭ ᠪᠢᠲᠡᠭᠦᠮᠵᠢᠯᠡᠨ᠎ᠡ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠬ᠎ᠠ ᠲᠣᠭᠲᠠᠪᠠ᠃        5. ᠭᠠᠵᠠᠷ ᠳᠤᠤᠷᠠᠬᠢ ᠳᠠᠮᠵᠢᠭᠤᠯᠬᠤ ᠬᠤᠭᠤᠯᠠᠶ ᠶᠢᠨ ᠲᠤᠤᠷ ᠡᠭᠡᠳᠡᠷᠡᠭᠡᠨ ᠪᠣᠳᠤᠯᠢᠶᠠᠨᠲᠠᠶ ᠠᠴᠠ ᠪᠣᠯᠵᠤ ᠪᠠᠷᠢᠯᠭ᠎ᠠ ᠶᠢᠨ ᠠᠬᠢᠴᠠ ᠳᠤ ᠲᠦᠢᠯ ᠤᠨ ᠶᠡᠭᠡ ᠨᠥᠯᠥᠭᠡ ᠦᠵᠡᠭᠦᠯᠬᠦ ᠪᠣᠯᠬᠤᠷ ᠠᠩᠬ᠎ᠠ ᠠᠯᠬᠤᠮ ᠤᠨ ᠲᠥᠯᠥᠪᠯᠡᠭᠡ ᠪᠠᠷ ᠪᠠᠷᠢᠯᠭ᠎ᠠ ᠶᠢᠨ ᠠᠵᠢᠯ ᠶᠠᠪᠤᠭᠳᠠᠬᠤ ᠬᠤᠭᠤᠴᠠᠭ᠎ᠠ ᠨᠢ 4 ᠰᠠᠷ᠎ᠠ ᠪᠣᠯᠣᠨ᠎ᠠ᠂ ᠪᠠᠷᠢᠯᠭ᠎ᠠ ᠶᠢᠨ ᠠᠬᠢᠴᠠ ᠶᠢ ᠦᠨᠳᠦᠰᠦᠯᠡᠨ ᠵᠢᠭᠠᠬᠠᠨ ᠤᠷᠢᠳᠴᠢᠯᠠᠬᠤ ᠪᠤᠶᠤ ᠬᠤᠶᠢᠰᠢᠯᠠᠬᠤ ᠪᠣᠯᠤᠮᠵᠢ ᠲᠠᠢ᠂ ᠡᠯ᠎ᠡ ᠰᠠᠭᠤᠭᠠᠯᠢ ᠲᠣᠭᠤᠷᠢᠭ ᠤᠨ ᠬᠢᠨ ᠲᠡᠷᠭᠡ ᠬᠥᠰᠬᠡ ᠪᠠᠨ ᠤᠷᠢᠳᠴᠢᠯᠠᠨ ᠰᠢᠯᠵᠢᠭᠦᠯᠵᠦ ᠰᠠᠶᠢᠳᠣᠷ ᠲᠣᠬᠢᠷᠠᠭᠤᠯᠤᠭᠠᠷᠠᠶ᠃ ᠪᠠᠷᠢᠯᠭ᠎ᠠ ᠶᠢᠨ ᠠᠵᠢᠯ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠪᠤᠰᠤ ᠠᠪᠴᠢᠷᠠᠬᠤ ᠲᠤᠯᠠ ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠥᠰᠡᠶ᠎ᠡ᠃                      ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ                      ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                      ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                      2025 ᠣᠨ ᠤ 3 ᠰᠠᠷ᠎ᠠ ᠶᠢᠨ 17 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号