ᠱᠧᠩ ᠯᠢ ᠵᠡᠭᠡᠯᠢ ᠶᠢᠨ ᠵᠠᠮ ᠢ ᠬᠦᠷᠢᠶᠡᠯᠡᠨ ᠪᠢᠲᠡᠭᠦᠮᠵᠢᠯᠡᠵᠦ ᠪᠠᠷᠢᠯᠭ᠎ᠠ ᠶᠢᠨ ᠠᠵᠢᠯ ᠥᠷᠨᠢᠭᠦᠯᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/20
       ᠨᠢᠭᠡ᠂ ᠱᠧᠩ ᠯᠢ ᠵᠡᠭᠡᠯᠢ        1. ᠱᠧᠩ ᠯᠢ ᠵᠡᠭᠡᠯᠢ ᠶᠢᠨ ᠵᠠᠮ ᠤᠨ ᠪᠠᠷᠢᠯᠭ᠎ᠠ ᠶᠢᠨ ᠠᠵᠢᠯ ᠢ 4 ᠬᠡᠰᠡᠭ ᠬᠤᠪᠢᠶᠠᠨ ᠶᠠᠪᠤᠭᠳᠠᠭᠤᠯᠤᠨ᠎ᠠ᠃        ︵1︶ ᠨᠢᠭᠡᠳᠦᠭᠡᠷ ᠬᠡᠰᠡᠭ ᠤᠨ ᠴᠢᠶᠠᠨ ᠶᠢᠨ ᠵᠠᠮ ᠠᠴᠠ ᠤᠣ ᠮᠥᠷᠡᠨ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 3 ᠰᠠᠷ᠎ᠠ ᠶᠢᠨ 30 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠴᠢᠶᠠᠨ ᠶᠢᠨ ᠰᠠᠭᠤᠭᠠᠯᠢ ᠲᠣᠭᠤᠷᠢᠭ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠭᠡᠷ ᠪᠦᠯᠢ ᠶᠢᠨ ᠰᠠᠭᠤᠭᠠᠯᠢ ᠲᠣᠭᠤᠷᠢᠭ᠂ ᠮᠥᠷᠲᠡᠨ ᠪᠠᠶᠢᠴᠠᠭᠠᠬᠤ ᠭᠠᠵᠠᠷ ᠤᠨ ᠭᠡᠷ ᠪᠦᠯᠢ ᠶᠢᠨ ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ᠃ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ  ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵2︶ ᠬᠤᠶᠠᠳᠤᠭᠠᠷ ᠬᠡᠰᠡᠭ ᠤᠨ ᠪᠠᠷᠠᠭᠤᠨ ᠵᠠᠬ᠎ᠠ ᠳᠡᠯᠭᠡᠭᠦᠷ ᠵᠠᠮ ᠠᠴᠠ ᠬᠤᠩ ᠰᠢᠩ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 4 ᠰᠠᠷ᠎ᠠ ᠶᠢᠨ 2 ᠤᠨ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠰᠢᠶᠠᠩ ᠶᠠᠩ ᠰᠠᠭᠤᠭᠠᠯᠢ ᠲᠣᠭᠤᠷᠢᠭ᠂ ᠬᠦᠶ ᠾᠧ ᠶᠤᠸᠠᠨ ᠰᠠᠭᠤᠭᠠᠯᠢ ᠲᠣᠭᠤᠷᠢᠭ᠂ ᠳ᠋ᠦᠩ ᠨᠤᠸᠠᠨ ᠢᠯᠴᠢ ᠶᠢᠨ ᠬᠦᠴᠦᠨ ᠤ ᠰᠠᠭᠤᠭᠠᠯᠢ ᠲᠣᠭᠤᠷᠢᠭ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ︔ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵3︶ ᠭᠤᠷᠪᠠᠳᠤᠭᠠᠷ ᠬᠡᠰᠡᠭ ᠤᠨ ᠴᠢᠪᠠᠭ᠎ᠠ ᠵᠠᠮ ᠠᠴᠠ ᠴᠢᠶᠠᠨ ᠶᠢᠨ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 4 ᠰᠠᠷ᠎ᠠ ᠶᠢᠨ 24 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠠᠰᠠᠷᠠᠮᠵᠢ ᠶᠢᠨ ᠦᠢᠯᠡᠣᠡᠪᠣᠷᠢ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ᠂ ᠵᠢᠶ ᠰᠢᠶᠠᠩ ᠵᠢᠶᠠ ᠶᠤᠸᠠᠨ ᠰᠠᠭᠤᠭᠠᠯᠢ ᠲᠣᠭᠤᠷᠢᠭ᠂ ᠾᠦᠢ ᠬᠤᠸᠠᠩ ᠰᠠᠭᠤᠭᠠᠯᠢ ᠲᠣᠭᠤᠷᠢᠭ᠂ ᠢᠦᠶ ᡂᠢ ᠠᠮᠠᠨ ᠬᠥᠨᠳᠡᠶ ᠶᠢᠨ ᠲᠤᠰᠬᠠᠶ ᠡᠮᠨᠡᠯᠭᠡ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ᠃ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        ︵4︶ ᠳᠥᠷᠪᠡᠳᠦᠭᠡᠷ ᠬᠡᠰᠡᠭ ᠤᠨ ᠬᠤᠩ ᠰᠢᠩ ᠵᠠᠮ ᠠᠴᠠ ᠴᠢᠪᠠᠭ᠎ᠠ ᠵᠠᠮ ᠬᠦᠷᠲᠡᠯᠡᠬᠢ ᠵᠠᠮ ᠤᠨ ᠬᠤᠶᠠᠷ ᠲᠠᠯ᠎ᠠ ᠶᠢ ᠬᠦᠷᠢᠶᠡᠯᠡᠨ ᠪᠢᠲᠡᠭᠦᠮᠵᠢᠯᠡᠬᠦ ᠴᠠᠭ ᠬᠤᠭᠤᠴᠠᠭ᠎ᠠ ᠶᠢ 2025 ᠣᠨ ᠤ 4 ᠰᠠᠷ᠎ᠠ ᠶᠢᠨ 26 ᠤ ᠡᠳᠦᠷ ᠢᠶᠠᠷ ᠠᠩᠬ᠎ᠠ ᠲᠣᠭᠲᠠᠪᠠ᠃        ᠲᠤᠰ ᠬᠡᠰᠡᠭ ᠲᠤ ᠾᠦᠢ ᠠᠨ ᠰᠠᠭᠤᠭᠠᠯᠢ ᠲᠣᠭᠤᠷᠢᠭ᠂ ᠲᠣᠮᠢᠯᠠᠭᠰᠠᠨ ᠰᠠᠯᠪᠤᠷᠢ ᠶᠢᠨ ᠭᠡᠷ ᠪᠦᠯᠢ ᠶᠢᠨ ᠰᠠᠭᠤᠭᠠᠯᠢ ᠲᠣᠭᠤᠷᠢᠭ᠂ ᠱᠧᠩ ᠯᠢ ᠰᠠᠭᠤᠭᠠᠯᠢ ᠲᠣᠭᠤᠷᠢᠭ᠂ ᠾᠧ ᠰᠢᠶᠧ ᠰᠠᠭᠤᠭᠠᠯᠢ ᠲᠣᠭᠤᠷᠢᠭ᠂ ᠷᠧᠨ ᠾᠧ ᠡᠮᠨᠡᠯᠭᠡ ᠶᠢᠨ ᠬᠤᠷᠢᠶ᠎ᠠ ᠵᠢᠴᠢ ᠵᠠᠮ ᠤᠨ ᠬᠤᠶᠠᠷ ᠲᠠᠯ᠎ᠠ ᠶᠢᠨ ᠬᠤᠳᠠᠯᠳᠤᠭᠠᠨ ᠤ ᠲᠢᠩᠬᠢᠮ ᠬᠤᠯᠪᠣᠭᠳᠠᠨ᠎ᠠ︔ ᠬᠦᠷᠢᠶᠡᠯᠡᠨ ᠪᠢᠲᠡᠭᠦᠮᠵᠢᠯᠡᠬᠦ ᠬᠠᠰᠢᠯᠲᠠ ᠶᠢᠨ ᠭᠠᠳᠠᠨ᠎ᠠ ᠲᠠᠯ᠎ᠠ ᠳᠤ ᠰᠠᠭᠤᠭᠠᠯᠢ ᠠᠷᠠᠳ ᠣᠷᠣᠵᠤ ᠭᠠᠷᠬᠤ ᠵᠣᠬᠢᠬᠤ ᠥᠷᠭᠡᠴᠡ ᠲᠠᠢ ᠵᠠᠮ ᠦᠯᠡᠳᠡᠭᠡᠵᠦ᠂ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃        2. ᠶᠦᠩ ᠰᠢᠨ ᠴᠧᠩ ᠱᠢ ᠬᠤᠸᠠᠷ ᠫᠤᠤᠵᠢᠩ ᠤᠨ ᠳᠡᠯᠭᠡᠭᠦᠷ ᠤᠨ ᠬᠤᠶᠢᠳᠦ ᠲᠠᠯ᠎ᠠ ᠶᠢᠨ ᠲᠣᠨᠣᠯᠵᠢᠨ ᠵᠠᠮ ᠢ ᠪᠠᠷᠢᠯᠭ᠎ᠠ ᠶᠢᠨ ᠠᠵᠢᠯ ᠥᠷᠨᠢᠭᠦᠯᠬᠦ ᠥᠶᠡᠰ ᠲᠦᠷ ᠴᠠᠭ ᠪᠢᠲᠡᠭᠦᠮᠵᠢᠯᠡᠨ᠎ᠠ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠬ᠎ᠠ ᠲᠣᠭᠲᠠᠪᠠ᠃        3. ᠢᠦᠶ ᡂᠢ ᠠᠮᠠᠨ ᠬᠥᠨᠳᠡᠶ ᠶᠢᠨ ᠲᠤᠰᠬᠠᠶ ᠡᠮᠨᠡᠯᠭᠡ ᠶᠢᠨ ᠪᠠᠷᠠᠭᠤᠨ ᠲᠠᠯ᠎ᠠ ᠶᠢᠨ ᠲᠣᠨᠣᠯᠵᠢᠨ ᠵᠠᠮ ᠢ ᠪᠠᠷᠢᠯᠭ᠎ᠠ ᠶᠢᠨ ᠠᠵᠢᠯ ᠥᠷᠨᠢᠭᠦᠯᠬᠦ ᠦᠶᠡᠰ ᠲᠦᠷ ᠴᠠᠭ ᠪᠢᠲᠡᠭᠦᠮᠵᠢᠯᠡᠨ᠎ᠡ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠬ᠎ᠠ ᠲᠣᠭᠲᠠᠪᠠ᠃        4. ᠯᠢ ᠵᠢᠩ ᠴᠠᠢ ᠶᠢᠨ ᠮᠤᠬᠤᠯᠠᠭ ᠤᠨ ᠵᠡᠭᠦᠨ ᠲᠠᠯ᠎ᠠ ᠶᠢᠨ ᠲᠣᠨᠣᠯᠵᠢᠨ ᠵᠠᠮ ᠢ ᠪᠠᠷᠢᠯᠭ᠎ᠠ ᠶᠢᠨ ᠠᠵᠢᠯ ᠥᠷᠨᠢᠭᠦᠯᠬᠦ ᠥᠶᠡᠰ ᠲᠦᠷ ᠴᠠᠭ ᠪᠢᠲᠡᠭᠦᠮᠵᠢᠯᠡᠨ᠎ᠠ᠂ ᠪᠢᠲᠡᠭᠦᠮᠵᠢᠯᠡᠬᠦ ᠴᠠᠭ ᠬᠤᠭᠤᠴᠠᠭ᠎ᠠ ᠶᠢ 4 ᠡᠳᠦᠷ ᠢᠶᠠᠷ ᠠᠩᠬ᠎ᠠ ᠲᠣᠭᠲᠠᠪᠠ᠃        5. ᠭᠠᠵᠠᠷ ᠳᠤᠤᠷᠠᠬᠢ ᠳᠠᠮᠵᠢᠭᠤᠯᠬᠤ ᠬᠤᠭᠤᠯᠠᠶ ᠶᠢᠨ ᠲᠤᠤᠷ ᠡᠭᠡᠳᠡᠷᠡᠭᠡᠨ ᠪᠤᠳᠤᠯᠢᠶᠠᠨᠲᠠᠶ ᠠᠴᠠ ᠪᠣᠯᠵᠤ ᠪᠠᠷᠢᠯᠭ᠎ᠠ ᠶᠢᠨ ᠠᠬᠢᠴᠠ ᠳᠤ ᠲᠦᠢᠯ ᠤᠨ ᠶᠡᠭᠡ ᠨᠥᠯᠥᠭᠡ ᠦᠵᠡᠭᠦᠯᠬᠦ ᠪᠣᠯᠬᠤᠷ ᠠᠩᠬ᠎ᠠ ᠠᠯᠬᠤᠮ ᠤᠨ ᠲᠥᠯᠥᠪᠯᠡᠭᠡ ᠪᠠᠷ ᠪᠠᠷᠢᠯᠭ᠎ᠠ ᠶᠢᠨ ᠠᠵᠢᠯ ᠶᠠᠪᠤᠭᠳᠠᠬᠤ ᠬᠤᠭᠤᠴᠠᠭ᠎ᠠ ᠨᠢ 4 ᠰᠠᠷ᠎ᠠ ᠪᠣᠯᠤᠨ᠎ᠠ᠂ ᠪᠠᠷᠢᠯᠭ᠎ᠠ ᠶᠢᠨ ᠠᠬᠢᠴᠠ ᠶᠢ ᠦᠨᠳᠦᠰᠦᠯᠡᠨ ᠵᠢᠭᠠᠬᠠᠨ ᠤᠷᠢᠳᠴᠢᠯᠠᠬᠤ ᠪᠤᠶᠤ ᠬᠤᠶᠢᠰᠢᠯᠠᠬᠤ ᠪᠣᠯᠤᠮᠵᠢ ᠲᠠᠢ᠂ ᠡᠯ᠎ᠡ ᠰᠠᠭᠤᠭᠠᠯᠢ ᠲᠣᠭᠤᠷᠢᠭ ᠤᠨ ᠬᠢᠨ ᠲᠡᠷᠭᠡ ᠬᠥᠰᠬᠡ ᠪᠠᠨ ᠤᠷᠢᠳᠴᠢᠯᠠᠨ ᠰᠢᠯᠵᠢᠭᠦᠯᠵᠦ ᠰᠠᠶᠢᠳᠣᠷ ᠲᠣᠬᠢᠷᠠᠭᠤᠯᠤᠭᠠᠷᠠᠶ᠂ ᠪᠠᠷᠢᠯᠭ᠎ᠠ ᠶᠢᠨ ᠠᠵᠢᠯ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠪᠤᠰᠤ ᠠᠪᠴᠢᠷᠠᠬᠤ ᠲᠤᠯᠠ ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠥᠰᠡᠶ᠎ᠡ᠃                      ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ                      ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                        ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                        2025 ᠣᠨ ᠤ 3 ᠰᠠᠷ᠎ᠠ ᠶᠢᠨ17 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号