ᠮᠠᠯᠵᠢᠬᠤ ᠣᠷᠣᠨ ᠳᠤ ᠬᠤᠷᠤᠭ᠎ᠠ ᠳᠦᠭᠦᠷᠡᠩ ᠬᠤᠨᠢᠳ ᠲᠠᠢ ᠠᠶᠢᠯ ᠵᠠᠬ᠎ᠠ ᠠᠴᠠ ᠳᠠᠷᠠᠭᠠᠯᠠᠨ ᠬᠠᠷᠠᠭᠳᠠᠳᠠᠭ | ᠴᠤ᠂ ᠬᠦᠷᠢᠶ᠎ᠡ ᠳᠦᠭᠦᠷᠡᠩ ᠬᠢᠷᠭᠤᠤᠯ ᠰᠢᠪᠠᠭᠤ ᠲᠡᠵᠢᠭᠡᠵᠦ ᠪᠠᠶᠢᠭ᠎ᠠ ᠠᠶᠢᠯ ᠢ ᠲᠠ ᠬᠠᠷᠠᠭᠰᠠᠨ ᠦᠦ︖ | ᠬᠠᠷᠠᠬᠤ ᠠᠴᠠ ᠶᠡᠷᠦᠨᠢ ᠰᠣᠨᠣᠰᠴᠤ ᠴᠤ ᠥᠩᠭᠡᠷᠡᠭᠡ ᠥᠬᠡᠶ ᠬᠥᠮᠦᠰ ᠯᠠᠪᠲᠠᠶ ᠴᠥᠭᠡᠨ ᠪᠤᠰᠤ ᠪᠠᠶᠢᠯᠭᠦᠢ᠃ | | | | | | | | ᠠᠷᠤ ᠬᠤᠷᠴᠢᠨ ᠬᠤᠰᠢᠭᠤᠨ ᠤ ᠰᠠᠶᠢᠬᠠᠡᠳᠠᠯᠠ ᠰᠤᠮᠤ ᠶᠢᠨ ᠪᠤᠯᠤᠩ ᠭᠠᠴᠠᠭᠠᠨ ᠳᠤ ᠪᠠᠶᠢᠷᠢᠯᠠᠭ᠎ᠠ ︽ᠥᠪᠥᠷ | ᠮᠣᠩᠭᠤᠯ ᠤᠨ ᠫᠧᠩ ᠪᠥᠸᠧ ᠮᠠᠯᠵᠢᠯ ᠤᠨ ᠬᠢᠵᠠᠭᠠᠷᠲᠤ ᠺᠣᠮᠫᠠᠨᠢ︾ ᠶᠢᠨ ᠡᠵᠡᠨᠲᠡᠨ ᠪᠦᠦ ᠰᠢᠶᠣᠤ ᠮᠢᠩ ᠠᠯᠢ | ᠡᠷᠲᠡ ᠠᠴᠠ ᠲᠡᠮᠡᠭᠡᠨ ᠬᠢᠷᠭᠤᠤᠯ ᠲᠡᠵᠢᠭᠡᠬᠦ ᠶᠢᠨ ᠠᠰᠢᠭ ᠣᠷᠣᠯᠭ᠎ᠠ᠂ ᠪᠣᠷᠣᠯᠠᠭᠤᠯᠬᠤ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠵᠠᠬ᠎ᠠ ᠳᠡᠯᠭᠡᠭᠦᠷ ᠤᠨ ᠪᠠᠶᠢᠳᠡᠯ ᠢ ᠣᠶᠢᠯᠭᠠᠨ᠂ ᠡᠯ᠎ᠡ ᠱᠠᠲᠤᠨ ᠤ ᠨᠠᠮ ᠵᠠᠰᠠᠭ ᠤᠨ ᠵᠢᠯᠣᠭᠤᠳᠤᠯᠭ᠎ᠠ | ᠳᠤᠤᠷ᠎ᠠ᠂ 2024 ᠣᠨ ᠳᠤ ︽ᠥᠪᠥᠷ ᠮᠣᠩᠭᠤᠯ ᠤᠨ ᠫᠧᠩ ᠪᠥᠸᠧ ᠮᠠᠯᠵᠢᠯ ᠤᠨ ᠬᠢᠵᠠᠭᠠᠷᠲᠤ ᠺᠣᠮᠫᠠᠨᠢ︾ ᠪᠠᠨ | ᠪᠠᠶᠢᠭᠤᠯᠵᠤ᠂ ᠲᠡᠮᠡᠭᠡᠨ ᠬᠢᠷᠭᠤᠤᠯ ᠲᠡᠵᠢᠭᠡᠵᠦ ᠡᠬᠢᠯᠡᠵᠡᠶ᠃ | | | | | | ᠲᠤᠰ ᠺᠣᠮᠫᠠᠨᠢ ᠨᠢ ᠲᠡᠵᠢᠭᠡᠬᠦ᠂ ᠦᠷᠡᠵᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ᠂ ᠲᠡᠮᠡᠭᠡᠨ | ᠬᠢᠷᠭᠤᠤᠯ ᠤᠨ ᠮᠢᠬ᠎ᠠ ᠶᠢᠨ ᠪᠣᠷᠴᠠ᠂ ᠪᠠᠩᠰᠢ᠂ ᠵᠢᠶᠠᠩ ᠵᠡᠷᠭᠡ ᠤᠯᠠᠨ ᠪᠦᠲᠦᠭᠡᠭᠳᠡᠬᠦᠨ ᠦᠢᠯᠡᠣᠡᠪᠣᠷᠢᠯᠡᠵᠤ᠂ ᠡᠳᠡᠭᠡᠷ | ᠪᠦᠲᠦᠭᠡᠭᠳᠡᠬᠦᠨ ᠢᠶᠠᠨ ᠲᠤᠤᠷ ᠰᠦᠯᠵᠢᠶ᠎ᠡ ᠪᠤᠶᠤ ᠰᠢᠭᠤᠳ ᠨᠡᠪᠲᠡᠷᠡᠭᠦᠯᠭᠡ᠂ ᠣᠷᠣᠯᠠᠨ ᠪᠣᠷᠣᠯᠠᠭᠤᠯᠬᠤ ᠵᠡᠷᠭᠡ ᠵᠠᠮ | ᠰᠤᠪᠠᠭ ᠢᠶᠠᠷ ᠪᠣᠷᠣᠯᠠᠭᠤᠯᠤᠨ᠂ ᠵᠠᠬ᠎ᠠ ᠳᠡᠯᠭᠡᠭᠦᠷ ᠲᠤ ᠬᠥᠯ ᠲᠠᠯᠪᠢᠨ᠂ ᠬᠡᠷᠡᠭᠯᠡᠭᠴᠢᠳ ᠲᠤ ᠲᠠᠨᠢᠭᠳᠠᠵᠤ ᠡᠬᠢᠯᠡᠭᠰᠡᠨ | ᠪᠠᠶᠢᠨ᠎ᠠ᠃ | | | | | | ᠲᠡᠷᠡ ᠪᠠᠷ᠂ ᠺᠣᠮᠫᠠᠨᠢ ᠪᠠᠨ ᠪᠠᠶᠢᠭᠤᠯᠣᠡᠡᠰᠡᠨ ᠠᠴᠠ ᠨᠠᠭᠠᠰᠢ ︽ᠬᠢᠵᠦ ᠪᠦᠲᠦᠭᠡᠶ᠎ᠡ︾ ᠭᠡᠵᠦ ᠨᠢᠭᠡ ᠰᠡᠳᠬᠢᠯ | ᠨᠢᠭᠡ ᠵᠣᠷᠢᠭ ᠢᠶᠠᠷ ᠴᠢᠷᠮᠠᠶᠢᠵᠤ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠲᠠᠯ᠎ᠠ ᠳᠤ ᠠᠷᠭ᠎ᠠ ᠵᠠᠮ | ᠰᠦᠪᠡᠭᠴᠢᠯᠡᠨ᠂ ᠲᠣᠨᠤᠭ ᠲᠥᠬᠦᠭᠡᠷᠦᠮᠵᠢ ᠪᠠᠨ ᠲᠠᠰᠤᠷᠠᠯᠲᠠ ᠥᠬᠡᠶ ᠰᠢᠨᠡᠳᠬᠡᠨ᠂ ᠲᠡᠵᠢᠬᠡᠨ ᠦᠷᠡᠵᠢᠭᠦᠯᠬᠦ | ᠲᠠᠯᠠᠪᠠᠢ ᠪᠠᠨ ᠥᠷᠭᠡᠳᠬᠡᠵᠦ ᠢᠷᠡᠭᠰᠡᠨ ᠢᠶᠠᠷ ᠣᠳᠣ ᠪᠣᠯᠬᠤ ᠳᠤ 3000 ᠮᠦ ᠪᠦᠬᠦᠢ ᠲᠠᠯᠠᠪᠠᠢ ᠳᠤ 2000 | ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠵᠦ᠂ ᠠᠵᠤ ᠠᠬᠤᠶ ᠶᠢᠨ ᠦᠷ᠎ᠡ ᠠᠰᠢᠭ ᠡᠭᠦᠳᠬᠦ ᠶᠢᠨ ᠬᠠᠮᠲᠤ ᠡᠷᠭᠢᠨ | ᠲᠣᠭᠤᠷᠢᠨ ᠤ ᠮᠠᠯᠴᠢᠳ ᠢᠶᠠᠨ ᠳᠠᠶᠢᠴᠢᠯᠠᠨ ᠬᠠᠮᠲᠤ ᠪᠠᠷ ᠪᠠᠶᠠᠵᠢᠯ ᠤᠨ ᠵᠠᠮ ᠢᠶᠠᠷ ᠵᠠᠮᠨᠠᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠢᠲᠡᠭᠡᠯ ᠲᠡᠭᠦᠯᠳᠡᠷ ᠭᠠᠪᠰᠢᠭᠠᠶᠢᠯᠠᠵᠤ ᠶᠠᠪᠤᠨᠠᠮ᠃ | ︵ᠨᠠᠳᠮᠢᠳᠰᠠᠷᠡᠩ︶ | | | | |