3 ᠰᠠᠷ᠎ᠠ ᠶᠢᠨ18 ᠤ ᠡᠳᠦᠷ᠂ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠠᠷᠤ ᠬᠤᠷᠴᠢᠨ ᠬᠤᠰᠢᠭᠤᠨ ᠳᠤ ᠶᠠᠪᠤᠭᠳᠠᠵᠤ᠂ ᠬᠤᠲᠠ ᠶᠢᠨ | ᠳᠡᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠪᠦᠯᠬᠦᠮ ᠤᠨ 3 ᠨᠡᠷ᠎ᠡ ᠲᠤᠰᠬᠠᠶ | ᠮᠡᠷᠭᠡᠵᠢᠯᠲᠡᠨ ᠠᠷᠤ ᠬᠤᠷᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠬᠠᠨ ᠠᠭᠤᠯᠠ ᠪᠠᠭ᠎ᠠ | ᠰᠤᠷᠭᠠᠭᠤᠯᠢ ᠪᠠᠯᠴᠢᠷᠤᠳ ᠰᠤᠮᠤ ᠶᠢᠨ ᠰᠢᠨ ᠹᠠ ᠲᠣᠰᠬᠤᠨ ᠳᠤ ᠭᠦᠡᠵᠡᠭᠡᠶᠢᠷᠡᠵᠤ ᠠᠯᠪᠠᠨ ᠵᠢᠷᠤᠮ ᠤᠨ ᠡᠮᠴᠢᠯᠡᠭᠡ᠂ | ᠬᠢᠮᠡᠯ ᠣᠶᠤᠨ ᠤᠬᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠵᠢᠴᠢ ᠮᠠᠯ ᠲᠡᠵᠢᠭᠡᠪᠦᠷᠢ ᠶᠢᠨ | ᠮᠡᠷᠭᠡᠵᠢᠯ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠷᠪᠠᠨ ᠲᠠᠯᠠᠪᠠᠢ ᠠᠵᠢᠯᠯᠠᠭ᠎ᠠ ᠥᠷᠨᠢᠭᠦᠯᠪᠡ᠃ | | | | ᠬᠤᠰᠢᠭᠤᠨ ᠮᠣᠩᠭᠤᠯ ᠡᠮᠨᠡᠯᠭᠡ ᠶᠢᠨ ᠬᠤᠷᠢᠶ᠎ᠠ ᠳᠤ᠂ ᠲᠤᠰᠬᠠᠶ ᠮᠡᠷᠭᠡᠵᠢᠯᠲᠡᠨ ᠯᠠᠪᠳᠠᠭᠤᠨ ᠪᠠᠲᠤᠲᠠᠶ ᠭᠦᠨ | ᠭᠦᠨᠵᠡᠭᠡᠶ ᠣᠨᠣᠯ ᠳᠤ ᠰᠠᠭᠤᠷᠢᠯᠠᠨ᠂ ᠣᠯᠠᠨ ᠵᠢᠯ ᠤᠨ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠᠨ | ᠠᠭᠤᠰᠤᠯᠴᠠᠭᠤᠯᠵᠤ᠂ ᠡᠪᠡᠳᠴᠢᠨ ᠤ ᠢᠯᠡᠷᠡᠯ ᠢ ᠨᠢ ᠠᠰᠠᠭᠤᠬᠤ᠂ ᠡᠪᠡᠳᠴᠢᠨ ᠤ ᠲᠡᠦᠬᠡ ᠶᠢ ᠨᠢ ᠮᠥᠷᠳᠡᠬᠦ ᠪᠠᠷ | ᠳᠠᠮᠵᠢᠨ ᠡᠪᠡᠳᠴᠢᠲᠡᠨ ᠨᠢᠭᠡᠪᠦᠷᠢ ᠳᠤ ᠨᠠᠷᠢᠨ ᠨᠢᠮᠪᠠᠶ ᠡᠮᠴᠢᠯᠡᠭᠡ ᠬᠢᠵᠦ ᠥᠭᠴᠡᠶ᠃ | | | | ᠬᠠᠨ ᠠᠭᠤᠯᠠ ᠪᠠᠭ᠎ᠠ ᠰᠤᠷᠭᠠᠭᠤᠯᠢ ᠳᠤ᠂ ᠬᠢᠮᠡᠯ ᠣᠶᠤᠨ ᠤᠬᠠᠭᠠᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠠᠶᠢᠯᠤᠮᠵᠢ ᠥᠷᠨᠢᠭᠦᠯᠵᠦ᠂ ᠲᠤᠰᠬᠠᠶ ᠮᠡᠷᠭᠡᠵᠢᠯᠲᠡᠨ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠣᠷᠢ ᠶᠢᠨ ᠠᠷᠭ᠎ᠠ ᠬᠡᠯᠪᠡᠷᠢ ᠪᠣᠯᠤᠨ ᠠᠮᠢᠳᠤᠯᠢᠭ ᠬᠡᠷᠡᠭ ᠤᠨ ᠵᠢᠱᠢᠶ᠎ᠡ ᠪᠠᠷ ᠬᠢᠮᠡᠯ ᠣᠶᠤᠨ ᠤᠬᠠᠭᠠᠨ ᠤ | ᠮᠡᠳᠡᠯᠭᠡ ᠶᠢ ᠲᠠᠶᠢᠯᠪᠣᠷᠢᠯᠠᠨ ᠶᠠᠷᠢᠵᠤ᠂ ᠲᠤᠬᠠᠶ ᠶᠢᠨ ᠲᠠᠯᠠᠪᠠᠢ ᠶᠢᠨ ᠪᠠᠭᠰᠢ ᠨᠠᠷ ᠤᠨ ᠬᠠᠮᠢᠶ᠎ᠠ ᠪᠦᠬᠦᠢ ᠬᠦᠷᠢᠶᠡᠨ ᠳᠠᠬᠢ | ᠠᠰᠠᠭᠤᠯᠲᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠶ᠃ | ᠪᠠᠯᠴᠢᠷᠤᠳ ᠰᠤᠮᠤ ᠶᠢᠨ ᠰᠢᠨ ᠹᠠ ᠲᠣᠰᠬᠤᠨ ᠳᠤ᠂ ᠮᠠᠯ ᠲᠡᠵᠢᠭᠡᠪᠦᠷᠢ ᠶᠢᠨ ᠲᠣᠰᠬᠠᠶ ᠮᠡᠷᠭᠡᠵᠢᠯᠲᠡᠨ ᠠᠴᠠ | ᠮᠠᠯᠴᠢᠨ ᠲᠠᠷᠢᠶᠠᠴᠢᠨ ᠳᠤ ᠪᠣᠳᠠᠲᠠᠶ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ | ᠵᠢᠯᠣᠭᠤᠳᠤᠯᠭ᠎ᠠ ᠬᠢᠵᠦ᠂ ᠶᠠᠷᠢᠶ᠎ᠠ ᠲᠠᠶᠢᠯᠤᠮᠵᠢ ᠳᠤ ᠪᠠᠨ ᠭᠤᠤᠯᠳᠠᠯᠭ᠎ᠠ ᠶᠢ ᠠᠳᠬᠤᠨ᠂ ᠣᠶᠢᠯᠠᠭᠠᠮᠵᠢᠲᠠᠶ ᠦᠭᠡ | ᠥᠭᠦᠯᠡᠪᠦᠷᠢ ᠪᠠᠷ ᠨᠠᠷᠢᠯᠢᠭ ᠲᠠᠶᠢᠯᠪᠣᠷᠢᠯᠠᠵᠤ᠂ ᠮᠠᠯᠴᠢᠨ ᠲᠠᠷᠢᠶᠠᠴᠢᠨ ᠨᠠᠷ ᠢ ᠬᠥᠲᠥᠯᠥᠨ ᠵᠢᠯᠣᠭᠤᠳᠴᠤ ᠰᠢᠨᠵᠢᠯᠡᠬᠦ | ᠤᠬᠠᠭᠠᠨᠴᠢ ᠪᠠᠷ ᠲᠡᠵᠢᠭᠡᠨ ᠦᠷᠡᠵᠢᠭᠦᠯᠬᠦ ᠦᠢᠯᠠᠭᠠᠭᠳᠠᠬᠤᠨ ᠢ ᠨᠢ ᠭᠦᠡᠵᠡᠭᠡᠶᠢᠷᠡᠭᠦᠯᠪᠡ᠃ | | | | ᠣᠶᠢᠯᠠᠭᠠᠭᠰᠠᠨ ᠢᠶᠠᠷ᠂ ᠲᠤᠰ ᠤᠳᠠᠭᠠᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ | ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠳᠤ᠂ ᠡᠯ᠎ᠡ ᠠᠵᠢᠯ | ᠲᠥᠷᠥᠯ ᠠᠴᠠ ᠢᠷᠡᠭᠰᠡᠨ ᠲᠤᠰᠬᠠᠶ ᠮᠡᠷᠭᠡᠵᠢᠯᠲᠡᠨ ᠮᠠᠯᠵᠢᠬᠤ ᠲᠠᠷᠢᠶᠠᠯᠠᠬᠤ ᠣᠷᠣᠨ ᠪᠣᠯᠤᠨ ᠦᠨᠳᠦᠰᠦᠨ ᠱᠠᠳᠤᠨ ᠤ | ᠨᠢᠭᠡᠳᠦᠭᠡᠷ ᠹᠷᠣᠨᠲ ᠲᠤ ᠭᠦᠨᠵᠡᠭᠡᠶᠢᠷᠡᠵᠤ ᠣᠯᠠᠨ ᠡᠰᠢᠲᠦ᠂ ᠥᠨᠳᠥᠷ ᠪᠦᠲᠦᠮᠵᠢᠲᠠᠶ᠂ ᠨᠠᠷᠢᠯᠢᠭ ᠣᠨᠣᠴᠠᠲᠠᠶ᠂ | ᠲᠦᠭᠡᠮᠡᠯ ᠠᠰᠢᠭ ᠬᠦᠷᠲᠡᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠵᠬᠠᠪᠣᠷ ᠢ ᠠᠮᠵᠢᠯᠲᠠᠲᠠᠶ | ᠪᠠᠶᠢᠭᠤᠯᠪᠠ᠃ ᠬᠤᠰᠢᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠥᠷᠥ ᠶᠢᠨ ᠪᠣᠳᠣᠯᠭ᠎ᠠ ᠶᠢᠨ | ᠠᠯᠬᠤᠮ ᠢ ᠦᠷᠭᠦᠯᠵᠢᠯᠡᠨ ᠰᠠᠶᠢᠲᠤᠷ ᠳᠠᠭᠠᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠦᠢᠯᠡᠳᠣᠯᠭᠡᠵᠢᠭᠦᠯᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠦᠢᠯᠡᠴᠢᠯᠡᠭᠡ ᠶᠢ ᠪᠥᠬᠦ ᠲᠠᠯ᠎ᠠ ᠪᠠᠷ᠂ ᠣᠯᠠᠨ ᠳᠡᠰ ᠳᠠᠪᠬᠤᠷᠭ᠎ᠠ ᠳᠤ᠂ ᠴᠢᠨᠠᠷ ᠰᠠᠶᠢᠲᠠᠶ ᠥᠷᠭᠡᠳᠬᠡᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠬᠤ ᠪᠣᠯᠤᠨ᠎ᠠ᠃ | ︵ᠵᠣᠤ ᠶᠠ ᠨᠠᠨ︶ | | |