3 ᠰᠠᠷ᠎ᠠ ᠶᠢᠨ 19 ᠤ ᠡᠳᠦᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠨ ᠶᠤᠸᠠᠢ ᠭᠦᠸᠧ ᠬᠡᠰᠡᠭ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠵᠢᠴᠢ ᠬᠤᠰᠢᠭᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢᠨ ᠪᠠᠶᠢᠳᠡᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠷᠤ ᠬᠤᠷᠴᠢᠨ ᠬᠤᠰᠢᠭᠤᠨ ᠤ | ᠲᠠᠪᠤᠳᠤᠭᠠᠷ ᠬᠡᠦᠬᠡᠳ ᠤᠨ ᠴᠡᠴᠡᠷᠯᠢᠭ᠂ ᠠᠷᠤ ᠬᠤᠷᠴᠢᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ᠂ ᠣᠢ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠴᠢᠪᠠᠭ᠎ᠠ ᠪᠠᠯᠭᠠᠰᠤ ᠵᠡᠷᠭᠡ ᠭᠠᠵᠠᠷ ᠤᠨ ᠬᠡᠦᠬᠡᠳ ᠤᠨ | ᠴᠡᠴᠡᠷᠯᠢᠭ ᠤᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠲᠦᠮᠡᠨ ᠲᠡᠭᠰᠢ | ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠣᠡᠪᠣᠷᠢ ᠶᠢᠨ ᠪᠠᠶᠢᠰᠢᠩ ᠢ ᠰᠢᠨ᠎ᠡ ᠪᠠᠷ ᠪᠠᠶᠢᠭᠤᠯᠬᠤ ᠲᠥᠷᠥᠯ | ᠵᠦᠢᠯ᠂ ᠥᠷᠢ ᠥᠭᠴᠡᠭᠡ ᠶᠢᠨ ᠬᠠᠮᠢᠶᠠᠷᠤᠯᠲᠠ ᠵᠡᠷᠭᠡ ᠪᠠᠶᠢᠳᠡᠯ ᠤᠨ ᠲᠤᠬᠠᠶ ᠲᠤᠰ ᠲᠤᠰ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ | ᠬᠠᠷᠢᠭᠤ ᠮᠡᠳᠡᠭᠦᠯᠦᠯᠲᠡ ᠶᠢ ᠰᠣᠨᠣᠰᠴᠠᠶ᠃ | | | | ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠶᠠᠷᠢᠯᠴᠠᠬᠤ ᠬᠤᠷᠠᠯ ᠳᠡᠭᠡᠷ᠎ᠡ᠂ ᠪᠥᠬᠦ ᠬᠤᠰᠢᠭᠤᠨ ᠤ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠡᠯ ᠤᠨ ᠲᠤᠬᠠᠶ ᠬᠤᠰᠢᠭᠤᠨ ᠠᠷᠠᠳ ᠤᠨ | ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠤ ᠣᠷᠣᠯᠴᠠᠭᠰᠠᠳ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | | | | ᠴᠢᠨ ᠶᠤᠸᠠᠢ ᠭᠦᠸᠧ ᠴᠢᠩᠭᠠᠳᠬᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ | ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯ ᠲᠦᠭᠰᠢᠭᠦᠷᠢ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠶ᠂ ᠲᠣᠭᠲᠠᠭᠤᠨ ᠢᠶᠠᠷ ᠨᠡᠮᠡᠭᠳᠡᠭᠦᠯᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠬᠦ | ᠲᠣᠭᠲᠠᠴᠠ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠵᠤ᠂ ᠴᠢᠨᠠᠷ ᠰᠠᠶᠢᠳᠡᠢ ᠬᠥᠭᠵᠢᠯᠲᠡ ᠳᠤ ᠨᠥᠭᠡᠴᠡ | ᠬᠦᠴᠦᠨ ᠨᠡᠮᠡᠷᠢᠯᠡᠬᠦ ᠬᠡᠷᠡᠭᠲᠡᠶ︔ ︽ᠴᠢᠳᠠᠯ ᠤᠨ ᠢᠶᠠᠨ ᠬᠢᠷᠢ ᠪᠠᠷ ᠴᠢᠷᠮᠠᠶᠢᠬᠤ︾ ᠪᠠ ︽ᠴᠢᠳᠠᠯ ᠤᠨ ᠢᠶᠠᠨ ᠬᠢᠷᠢ ᠪᠠᠷ | ᠬᠢᠬᠦ︾ ᠶᠢ ᠵᠡᠷᠭᠡᠪᠡᠷ ᠠᠬᠢᠭᠤᠯᠵᠤ᠂ ᠥᠷᠢ ᠥᠭᠴᠡᠭᠡ ᠶᠢᠨ ᠶᠡᠷᠦᠩᠬᠡᠶ ᠬᠡᠮᠵᠢᠶ᠎ᠡ ᠶᠢ ᠯᠠᠪᠳᠠᠭᠤᠨ ᠪᠠᠲᠤᠲᠠᠶ | ᠰᠢᠢᠳᠪᠦᠷᠢᠯᠡᠬᠦ ᠬᠡᠷᠡᠭᠲᠡᠶ︔ ᠣᠯᠠᠨ ᠲᠠᠯ᠎ᠠ ᠶᠢᠨ ᠡᠬᠢ ᠰᠤᠷᠪᠤᠯᠵᠢ ᠶᠢ ᠨᠡᠭᠡᠭᠡᠬᠦ ᠪᠠ ᠳᠣᠲᠣᠭᠠᠳᠤ ᠶᠢᠨ ᠵᠠᠷᠤᠯᠭ᠎ᠠ ᠶᠢ | ᠠᠷᠪᠢᠯᠠᠬᠤ ᠶᠢ ᠵᠡᠷᠭᠡᠪᠡᠷ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠨᠠᠷᠢᠯᠢᠭ ᠣᠨᠣᠴᠠᠲᠠᠶ ᠪᠠᠷ | ᠣᠷᠣᠭᠤᠯᠬᠤ ᠶᠢ ᠪᠠᠲᠤᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠳᠡᠢ ᠬᠥᠭᠵᠢᠯᠲᠡ ᠳᠤ ᠪᠠᠲᠤ | ᠪᠠᠲᠤᠯᠠᠭ᠎ᠠ ᠶᠢ ᠬᠠᠩᠭᠠᠬᠤ ᠬᠡᠷᠡᠭᠲᠡᠶ ᠭᠡᠵᠡᠶ᠃ ︵ᠯᠢᠦ ᠰᠢᠨ ᠲᠢᠩ︶ |