ᠬᠤᠰᠢᠭᠤᠨ ᠳᠡᠳ᠋ ᠳᠠᠷᠤᠭ᠎ᠠ ᠮᠦ ᠭᠦᠸᠧ ᠳ᠋ᠦᠩ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/21
       3 ᠰᠠᠷ᠎ᠠ ᠶᠢᠨ 18 ᠤ ᠡᠳᠦᠷ᠂ ᠬᠤᠰᠢᠭᠤᠨ ᠳᠡᠳ᠋ ᠳᠠᠷᠤᠭ᠎ᠠ ᠮᠦ ᠭᠦᠸᠧ ᠳ᠋ᠦᠩ ᠱᠤᠤ ᠪᠠᠯᠭᠠᠰᠤ ᠶᠢᠨ ᠴᠢᠩ ᠾᠧ ᠽᠢ ᠭᠠᠴᠠᠭ᠎ᠠ᠂ ᠴᠠᠭᠠᠨᠬᠤᠲᠠ ᠭᠠᠴᠠᠭ᠎ᠠ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠡᠡᠳᠠᠬᠤᠨ ᠳᠤ ᠰᠠᠭᠤᠷᠢᠯᠠᠨ᠂ ᠥᠨᠳᠥᠷ ᠪᠠᠷᠢᠮᠵᠢᠶ᠎ᠠ᠂ ᠴᠢᠩᠭ᠎ᠠ  ᠱᠠᠭᠠᠷᠳᠠᠯᠭ᠎ᠠ ᠪᠠᠷ ᠭᠤᠤᠯᠳᠠᠯᠭ᠎ᠠ ᠲᠠᠢ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠥᠬᠦ ᠬᠤᠰᠢᠭᠤᠨ ᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
       ᠴᠢᠩ ᠾᠧ ᠽᠢ ᠭᠠᠴᠠᠭᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠶᠢᠨ ᠲᠥᠷᠥᠯ ᠵᠦᠢᠯ ᠤᠨ ᠲᠣᠭᠤᠷᠢᠭ ᠲᠤ᠂ ᠮᠦ ᠭᠦᠸᠧ ᠳ᠋ᠦᠩ ᠪᠣᠳᠠ ᠮᠣᠳᠣᠨ ᠤ ᠲᠡᠭᠰᠢ ᠬᠤᠵᠤᠤᠯ᠎ᠠ ᠤᠨ ᠠᠵᠢᠯ ᠤᠨ ᠶᠠᠰᠤ ᠴᠢᠨᠠᠷ ᠵᠢᠴᠢ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠪᠣᠳᠠᠲᠠᠶ ᠪᠠᠶᠢᠴᠠᠭᠠᠨ ᠦᠵᠡᠵᠦ᠂ ᠪᠣᠳᠠ ᠮᠣᠳᠣᠨ ᠤ ᠲᠡᠭᠰᠢ ᠬᠤᠵᠤᠤᠯ᠎ᠠ ᠤᠨ ᠮᠡᠷᠭᠡᠵᠢᠯ ᠤᠨ ᠳᠦᠷᠢᠮ ᠶᠠᠪᠤᠴᠠ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠬᠢᠴᠠ ᠶᠢ ᠲᠤᠬᠠᠶ ᠶᠢᠨ ᠭᠠᠵᠠᠷ ᠲᠤᠨᠢ ᠣᠶᠢᠯᠠᠭᠠᠡᠡᠰᠡᠨ ᠪᠥᠭᠡᠳ ᠱᠠᠭᠠᠷᠳᠠᠬᠤ ᠳᠤ ᠪᠠᠨ᠂ ᠬᠤᠰᠢᠭᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠡᠭᠰᠢ ᠬᠤᠵᠤᠤᠯ᠎ᠠ ᠤᠨ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠡᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠠᠮᠢ ᠠᠬᠤᠶ ᠶᠢᠨ ᠵᠠᠰᠠᠯᠲᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠢᠨᠵᠧᠨᠧᠷᠢᠩ ᠤᠨ ᠠᠬᠢᠴᠠ ᠬᠤᠴᠣᠷᠴᠤ ᠪᠠᠶᠢᠬᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ ᠪᠠᠶᠢᠬᠤ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠰᠢᠵᠢᠷ ᠠᠯᠲᠠᠨ ᠴᠠᠭ ᠬᠤᠭᠤᠴᠠᠭ᠎ᠠ ᠶᠢ ᠵᠠᠪᠳᠤᠨ ᠠᠳᠬᠤᠵᠤ᠂ ᠴᠡᠭᠴᠡᠯᠡᠨ ᠰᠠᠶᠢᠵᠢᠷᠠᠭᠤᠯᠣᠯᠳᠠ ᠬᠢᠭᠡᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠲᠦᠯᠬᠢᠨ ᠠᠬᠢᠭᠤᠯᠵᠤ᠂ ᠵᠡᠷᠭᠡᠪᠡᠷ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠶ᠃
               ᠴᠠᠭᠠᠨᠬᠤᠲᠠ ᠭᠠᠴᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠮᠤ᠋ ᠭᠦᠸᠧ ᠳ᠋ᠦᠩ ᠪᠠᠷᠢᠯᠭ᠎ᠠ ᠶᠢᠨ ᠠᠬᠢᠴᠠ᠂ ᠬᠥᠷᠦᠰᠥ ᠰᠢᠷᠣᠶ ᠶᠢᠨ ᠰᠠᠶᠢᠵᠢᠷᠠᠭᠤᠯᠤᠯᠲᠠ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ ᠵᠢᠭᠠᠬᠤ ᠳᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ︽ᠰᠠᠭᠤᠷᠢ ᠴᠢᠯᠠᠭᠤ︾ ᠮᠥᠨ᠂ ᠪᠠᠷᠢᠯᠭ᠎ᠠ  ᠶᠢᠨ  ᠶᠠᠰᠤ  ᠴᠢᠨᠠᠷ  ᠢ  ᠴᠢᠩᠭ᠎ᠠ  ᠡᠵᠡᠮᠳᠡᠨ᠂ ᠲᠠᠷᠢᠶᠠᠨ ᠭᠠᠵᠠᠷ ᠢ ᠲᠡᠭᠰᠢᠯᠡᠬᠦ᠂ ᠤᠰᠤᠯᠠᠬᠤ ᠤᠰᠤ ᠲᠠᠲᠠᠷᠠᠭᠤᠯᠬᠤ᠂ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠠᠬᠢᠭᠤᠯᠵᠤ᠂ ︽ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠬᠠᠮᠢᠶᠠᠷᠤᠯᠲᠠ ᠬᠠᠮᠠᠭᠠᠯᠠᠯᠲᠠ ᠶᠢ ᠬᠥᠩᠭᠡᠪᠴᠢᠯᠡᠬᠦ︾ ᠦᠵᠡᠭᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ︔ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠲᠠᠢ ᠤᠶᠠᠯᠳᠤᠭᠤᠯᠤᠨ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠦᠨ᠂ ᠲᠥᠷᠥᠯ ᠵᠦᠢᠯ ᠤᠨ ᠲᠣᠭᠤᠷᠢᠭ ᠢ ᠲᠤᠰ ᠵᠢᠯ ᠳᠤᠨᠢ  ᠪᠠᠶᠢᠭᠤᠯᠣᠨ ᠳᠠᠭᠤᠰᠬᠠᠵᠤ᠂ ᠲᠤᠰ ᠵᠢᠯ ᠳᠤᠨᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠶ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号