ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾᠂ ᠭᠤᠴᠢᠨ ᠨᠠᠢᠮᠠᠳᠣᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ | 21 ᠤ ᠡᠳᠦᠷ᠂ ᠠᠷᠤ ᠬᠤᠷᠴᠢᠨ ᠬᠤᠰᠢᠭᠤᠨ ᠤ ᠣᠰᠤᠨ ᠠᠰᠢᠭᠯᠠᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤᠷᠠᠨ ᠡᠷᠬᠢᠯᠡᠭᠰᠡᠨ ︽ᠤᠰᠤᠨ ᠤ ᠠᠰᠢᠭᠯᠠᠯᠲᠠ ᠶᠢ ᠰᠠᠶᠢᠲᠤᠷ ᠬᠢᠵᠦ ᠠᠮᠢ | ᠠᠬᠤᠶ ᠪᠠᠨ ᠬᠠᠮᠠᠭᠠᠯᠠᠨ᠂ ᠤᠰᠤᠨ ᠤ ᠠᠮᠤᠷ ᠲᠦᠪᠰᠢᠨ ᠢ ᠬᠠᠮᠲᠤᠪᠠᠷ ᠪᠠᠲᠤᠯᠠᠶ᠎ᠠ︾ ᠭᠤᠤᠯ ᠰᠡᠳᠦᠪᠲᠦ ᠤᠰᠤ | ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠰᠢᠨ᠎ᠡ ᠬᠤᠲᠠ | ᠲᠣᠭᠤᠷᠢᠭ ᠤᠨ ᠬᠠᠤᠯᠢ ᠪᠠᠷ ᠵᠠᠰᠠᠬᠤ ᠠᠭᠤᠳᠠᠮ ᠲᠠᠯᠠᠪᠠᠢ ᠳᠤ ᠶᠠᠪᠤᠭᠳᠠᠵᠠᠶ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠢᠳᠡᠪᠬᠢᠲᠡᠶ ᠠᠵᠢᠯᠯᠠᠵᠤ᠂ ᠨᠢᠭᠡ ᠲᠠᠯ᠎ᠠ ᠪᠠᠷ ᠣᠯᠠᠨ ᠲᠦᠮᠡᠨ ᠳᠤ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠨ᠂ ᠤᠷᠢᠶᠠᠯᠠᠭ᠎ᠠ ᠶᠢᠨ ᠭᠠᠷ ᠪᠡᠯᠡᠭ ᠬᠦᠷᠭᠡᠵᠦ᠂ ᠨᠥᠬᠦᠭᠡ ᠲᠠᠯ᠎ᠠ ᠪᠠᠷ ᠤᠰᠤ ᠠᠷᠪᠢᠯᠠᠬᠤ ᠮᠡᠳᠡᠯᠭᠡ ᠶᠢ | ᠬᠦᠯᠢᠴᠡᠩᠭᠦᠶ ᠪᠠᠷ ᠲᠦᠭᠡᠮᠡᠯᠵᠢᠭᠦᠯᠵᠦ᠂ ᠤᠰᠤ ᠠᠷᠪᠢᠯᠠᠬᠤ ᠠᠷᠭ᠎ᠠ ᠳᠠᠮ ᠢ ᠨᠠᠷᠢᠨ ᠨᠢᠮᠪᠠᠶ ᠲᠠᠶᠢᠯᠪᠤᠷᠢᠯᠠᠨ᠂ | ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠳᠠᠬᠢᠨ ᠠᠰᠢᠭᠯᠠᠬᠤ ᠶᠢ ᠰᠠᠨᠠᠭᠠᠴᠢᠯᠠᠨ᠂ | ᠣᠯᠠᠨ ᠢᠶᠠᠷ ᠢᠶᠠᠨ ᠬᠥᠲᠥᠯᠥᠯᠴᠡᠵᠤ ᠬᠤᠪᠣᠷ ᠨᠠᠨᠳᠢᠨ ᠤᠰᠤᠨ ᠤ ᠡᠬᠢ ᠪᠠᠶᠠᠯᠢᠭ ᠢᠶᠠᠨ ᠰᠠᠬᠢᠨ ᠬᠠᠮᠠᠭᠠᠯᠠᠬᠤ ᠶᠢ | ᠤᠷᠢᠶᠠᠯᠠᠭᠰᠠᠨ ᠪᠠᠶᠢᠨ᠎ᠠ᠃ | | | | ᠠᠵᠢᠯᠯᠠᠭ᠎ᠠ ᠳᠤ᠂ ᠤᠰᠤ ᠠᠷᠪᠢᠯᠠᠬᠤ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠲᠣᠬᠢᠷᠠᠭᠤᠯᠤᠨ | ᠤᠰᠤ ᠠᠷᠪᠢᠯᠠᠬᠤ ᠠᠷᠭ᠎ᠠ ᠳᠠᠮ᠂ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ ᠵᠡᠷᠭᠡ ᠠᠭᠤᠯᠭ᠎ᠠ ᠶᠢ ᠵᠢᠷᠤᠭ | ᠦᠰᠦᠭ ᠤᠨ ᠬᠡᠯᠪᠡᠷᠢ ᠪᠠᠷ ᠳᠡᠯᠭᠡᠨ ᠦᠵᠡᠭᠦᠯᠵᠦ᠂ ᠴᠥᠭᠡᠨ ᠪᠤᠰᠤ ᠣᠯᠠᠨ ᠲᠦᠮᠡᠨ ᠤ ᠠᠩᠬᠠᠷᠤᠯ ᠢ ᠲᠠᠲᠠᠪᠠ᠃ | | | | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠨᠢᠭᠡ ᠭᠠᠷᠠᠭ ᠤᠨ ᠬᠤᠭᠤᠴᠠᠭ᠎ᠠ ᠲᠠᠢ | ᠦᠷᠭᠦᠯᠵᠢᠯᠡᠨ ᠶᠠᠪᠤᠭᠳᠠᠬᠤ ᠪᠠᠷ ᠪᠠᠶᠢᠵᠤ᠂ ᠴᠢᠪᠠᠭ᠎ᠠ ᠪᠠᠯᠭᠠᠰᠤ ᠶᠢᠨ ᠬᠤᠲᠠ ᠲᠣᠭᠤᠷᠢᠭ ᠲᠤ ᠤᠰᠤ ᠠᠷᠪᠢᠯᠠᠬᠤ | ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠭᠠᠷᠭᠠᠬᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠬᠠᠮᠢᠶ᠎ᠠ | ᠪᠦᠬᠦᠢ ᠮᠡᠳᠡᠯᠭᠡ ᠶᠢ ᠵᠠᠭᠤᠴᠢᠯᠠᠭᠤᠷ ᠢᠶᠠᠷ ᠳᠠᠮᠵᠢᠨ ᠤᠬᠠᠭᠤᠯᠬᠤ᠂ ᠬᠥᠳᠡᠭᠡ ᠲᠣᠰᠬᠤᠨ᠂ ᠠᠵᠤ ᠠᠬᠤᠶᠢᠯᠠᠯ᠂ | ᠨᠡᠶᠢᠭᠡᠮ ᠲᠣᠭᠤᠷᠢᠭ ᠲᠤ ᠭᠦᠡᠵᠡᠭᠡᠶᠢᠷᠡᠨ ᠤᠰᠤᠨ ᠤ ᠬᠠᠤᠯᠢ ᠶᠢᠨ ᠤᠬᠠᠭᠤᠯᠭ᠎ᠠ ᠥᠷᠨᠢᠭᠦᠯᠬᠦ ᠵᠡᠷᠭᠡ ᠣᠯᠠᠨ | ᠵᠦᠢᠯ ᠤᠨ ᠬᠡᠯᠪᠡᠷᠢ ᠪᠠᠷ ᠤᠰᠤ ᠠᠷᠪᠢᠯᠠᠬᠤ ᠤᠬᠠᠭᠤᠯᠭ᠎ᠠ ᠬᠢᠵᠦ᠂ ᠣᠯᠠᠨ ᠲᠦᠮᠡᠨ ᠤ ︽ᠳᠡᠯᠡᠬᠡᠶ ᠶᠢᠨ ᠤᠰᠤᠨ ᠤ | ᠡᠳᠦᠷ · ᠳᠤᠮᠳᠠᠳᠤ ᠤᠯᠤᠰ ᠤᠨ ᠤᠰᠤᠨ ᠤ ᠭᠠᠷᠠᠭ︾ ᠤᠨ ᠲᠤᠬᠠᠶ ᠲᠠᠨᠢᠯᠲᠠ ᠶᠢ ᠣᠯᠠᠮ ᠨᠢᠭᠡ ᠠᠯᠬᠤᠮ | ᠳᠡᠭᠡᠭᠰᠢᠯᠡᠭᠦᠯᠦᠨ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠠᠵᠢᠯᠯᠠᠭᠠᠨ ᠳᠤ | ᠢᠳᠡᠪᠬᠢᠲᠡᠶ ᠣᠷᠣᠯᠴᠠᠭᠤᠯᠤᠨ ᠦᠢᠯᠡᠳᠣᠯᠭᠡᠵᠢᠭᠦᠯᠵᠤ᠂ ᠤᠰᠤᠨ ᠤ ᠡᠬᠢ ᠪᠠᠶᠠᠯᠢᠭ ᠢ ᠬᠠᠶᠢᠷᠠᠯᠠᠨ ᠬᠠᠮᠠᠭᠠᠯᠠᠵᠤ | ᠨᠠᠨᠳᠢᠩᠨᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠂ ︽ᠭᠤᠤᠯ ᠤᠰᠤ ᠪᠣᠯ ᠠᠮᠢᠨ ᠰᠤᠳᠠᠰᠤ᠂ ᠠᠮᠢ | ᠠᠮᠢᠳᠤᠷᠠᠯ ᠤᠨ ᠡᠬᠢ ᠮᠥᠨ︾ ᠭᠡᠬᠦ ᠣᠶᠢᠯᠠᠭᠠᠭᠳᠠᠬᠤᠨ ᠢ ᠣᠯᠠᠨ ᠲᠦᠮᠡᠨ ᠤ ᠰᠡᠳᠬᠢᠯ ᠳᠤ ᠦᠨᠡᠨ ᠬᠦ ᠭᠦᠨ | ᠬᠠᠳᠠᠩᠰᠢᠭᠤᠯᠬᠤ ᠪᠣᠯᠤᠨ᠎ᠠ᠃ ︵ᠵᠤᠤ ᠶᠠ ᠨᠠᠨ︶ | |