ᠸᠧᠶ ᠪᠢᠯᠢᠭ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠣᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
       3 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠶᠠ ᡁᠢ ᠬᠤᠩ᠂ ᠸᠧᠶ ᠰᠢᠨ ᠢᠦᠶ᠂ ᠸᠠᠩ ᠰᠢᠨ ᠾᠦᠢ᠂ ᠸᠠᠩ ᡁᠢ ᠶᠦᠩ ᠬᠤᠷᠠᠯ ᠳᠤ ᠣᠷᠣᠯᠴᠠᠵᠠᠶ᠃ ᠬᠤᠰᠢᠭᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ  ᠤ  ᠲᠡᠷᠢᠭᠦᠯᠡᠭᠴᠢ ᠰᠡᠷᠭᠦᠯᠡᠩ᠂  ᠡᠯ᠎ᠡ  ᠰᠤᠮᠤ  ᠰᠢᠶᠠᠩ  ᠪᠠᠯᠭᠠᠰᠤ  ︵ᠵᠡᠭᠡᠯᠢ ᠭᠤᠳᠤᠮᠵᠢ︶ ᠶᠢᠨ ᠨᠠᠮ ᠤᠨ ︵ᠠᠵᠢᠯᠯᠠᠬᠤ ᠬᠤᠷᠢᠶ᠎ᠠ︶ ᠶᠢᠨ ᠬᠤᠷᠢᠶ᠎ᠠ ᠶᠢᠨ ᠱᠦᠵᠢ ᠬᠤᠷᠠᠯ ᠳᠤ ᠰᠤᠯᠠ ᠣᠷᠣᠯᠴᠠᠪᠠ᠃
       ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠲᠥᠪ ᠬᠤᠷᠢᠶᠠᠨ ᠤ ᠨᠠᠢᠮᠡᠨ ᠵᠤᠷᠪᠤᠰ ᠲᠤᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠬᠢᠭᠡᠳ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠰᠢᠭᠤᠨ ᠳᠤ ᠲᠥᠪ ᠬᠤᠷᠢᠶᠠᠨ ᠤ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃        ᠬᠤᠷᠠᠯ ᠠᠴᠠ᠂ ᠪᠥᠬᠦ ᠨᠠᠮ ᠤᠨ ᠬᠡᠪᠴᠢᠶᠡᠨ ᠳᠤ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠪᠦᠬᠦ ᠬᠤᠰᠢᠭᠤ ᠪᠠᠷ ᠢᠶᠠᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠣᠨ ᠲᠠᠨᠢᠵᠤ᠂ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠡᠶ᠃        ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠬᠠᠷᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠨᠡᠭᠡᠭᠡᠯᠲᠡ ᠲᠠᠢ ᠰᠤᠷᠭᠠᠨ ᠬᠥᠮᠦᠵᠢᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠪᠠᠷ ᠠᠳᠬᠤᠵᠤ᠂ ᠨᠠᠶᠢᠳᠡᠪᠣᠷᠢᠵᠢᠭᠤᠯᠬᠤ ᠠᠷᠭ᠎ᠠ ᠬᠡᠮᠵᠢᠶ᠎ᠡ ᠪᠠ ᠦᠢᠯᠡᠳᠣᠯᠭᠡ ᠶᠢᠨ ᠠᠴᠢᠶᠠᠯᠠᠪᠤᠷᠢ ᠶᠢ ᠰᠢᠰᠲ᠋ᠧᠮ ᠲᠠᠢ ᠲᠥᠯᠥᠪᠵᠢᠭᠦᠯᠵᠦ᠂ ᠳᠥᠭᠦᠮ ᠪᠥᠭᠡᠳ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠨ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠯᠳᠠ ᠳᠠᠭᠠᠨ ᠡᠷᠴᠢᠮ ᠲᠠᠢ᠂ ᠬᠤᠪᠢᠷᠠᠭᠤᠯᠬᠤ ᠳᠠᠭᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠬᠤᠰᠢᠭᠤ ᠰᠢᠶᠠᠨ ᠤ ᠳᠡᠰ ᠤᠨ ᠤᠳᠤᠷᠢᠳᠤᠯᠭ᠎ᠠ ᠪᠡᠶ᠎ᠡ ᠪᠠᠷ ᠢᠶᠠᠨ ᠬᠡᠪ ᠳᠦᠷᠢᠮ ᠪᠣᠯᠵᠤ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠵᠦ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠵᠢᠯᠣᠭᠤᠳᠤᠨ ᠰᠤᠷᠤᠯᠴᠠᠯᠭ᠎ᠠ ᠶᠢᠨ ᠪᠠᠶᠢᠳᠡᠯ ᠳᠤ ᠲᠦᠷᠭᠡᠨ ᠣᠷᠣᠭᠤᠯᠵᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠦᠨ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠶ᠃        ᠬᠤᠷᠠᠯ ᠠᠴᠠ ᠪᠠᠰᠠ 2025 ᠣᠨ ᠤ ᠬᠤᠰᠢᠭᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ  ᠤᠨ  ᠭᠤᠤᠯᠳᠠᠯᠭ᠎ᠠ  ᠲᠠᠢ  ᠠᠵᠢᠯ ᠢ  ᠰᠤᠳᠤᠯᠤᠨ  ᠪᠠᠶᠢᠷᠢᠯᠠᠭᠤᠯᠵᠠᠢ᠃  ︵ᠯᠢ ᠬᠤᠸᠠᠨ ᠢᠦᠶ᠂ ᠰᠠᠷᠠᠨᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号