3 ᠰᠠᠷ᠎ᠠ ᠶᠢᠨ 21 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠰᠢᠭᠤᠨ ᠳᠠᠷᠤᠭ᠎ᠠ ᠴᠧᠨ ᠬᠤ᠋ ᠨᠠᠨ | ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶᠠᠨ ᠤ ᠲᠥᠪ ᠤᠨ ᠨᠠᠢᠮᠡᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠤᠬᠠᠶ ᠬᠠᠮᠢᠶ᠎ᠠ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠵᠢᠭᠠᠨ ᠭᠠᠷᠭᠠᠭᠰᠠᠨ ᠨᠢ᠂ ᠡᠨᠡ ᠵᠢᠯ ᠪᠥᠬᠦ ᠨᠠᠮ ᠢᠶᠠᠷ ᠢᠶᠠᠨ ᠲᠥᠪ ᠤᠨ ᠨᠠᠢᠮᠡᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠰᠢᠭᠤᠨ ᠳᠡᠳ᠋ ᠳᠠᠷᠤᠭ᠎ᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠬᠦ ᠥᠨᠳᠦᠷᠴᠡ ᠠᠴᠠ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ | ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠦᠨ᠂ ᠰᠤᠷᠤᠯᠴᠠᠬᠤ ᠪᠠᠶᠢᠴᠠᠭᠠᠬᠤ | ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠨ | ᠭᠦᠡᠵᠡᠭᠡᠶᠢᠷᠡᠭᠦᠯᠤᠨ ᠂ ᠦᠨᠡᠨᠬᠦ ᠪᠠᠶᠢᠴᠠᠭᠠᠨ ᠪᠣᠳᠠᠲᠠᠶ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠨ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠪᠥᠭᠡᠳ ᠣᠷᠳᠤ | ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠰᠢᠭᠤᠨ ᠳᠡᠳ᠋ ᠳᠠᠷᠤᠭ᠎ᠠ ᠰᠣᠷᠣᠭᠰᠠᠨ ᠢᠶᠠᠨ ᠬᠡᠷᠡᠭᠯᠡᠬᠦ᠂ ᠰᠣᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠣᠯᠠᠭᠠᠡᠬᠠᠳᠠ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ | ᠪᠠ ᠪᠦᠬᠦ ᠬᠤᠰᠢᠭᠤᠨ ᠤ ᠭᠤᠤᠯ ᠠᠵᠢᠯ ᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠬᠥᠭᠵᠢᠯᠲᠡ ᠶᠢ | ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠠᠷᠢᠯᠭᠠᠬᠤ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠪᠣᠳᠠᠲᠤ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠶᠢ ᠰᠢᠯᠭᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠠᠵᠤ ᠠᠬᠤᠶ ᠶᠢᠨ ᠡᠷᠭᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠠᠶᠤᠯᠭᠦᠶ ᠦᠢᠯᠡᠣᠡᠪᠣᠷᠢᠯᠡᠯ᠂ ᠨᠡᠶᠢᠭᠡᠮ ᠤᠨ ᠲᠣᠭᠲᠠᠭᠤᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠰᠤ ᠬᠤᠰᠢᠭᠤᠨ ᠳᠡᠳ᠋ ᠳᠠᠷᠤᠭ᠎ᠠ ᠬᠤᠷᠠᠯ ᠳᠤ ᠣᠷᠣᠯᠴᠠᠵᠠᠶ᠃ |