ᠠᠷᠤ ᠬᠤᠷᠴᠢᠨ ᠬᠤᠰᠢᠭᠤ ᠰᠤᠷᠭᠠᠭᠤᠯᠢ ᠶᠢᠨ ᠬᠦᠷᠢᠶᠡᠨ ᠤ ᠰᠡᠳᠬᠢᠴᠡ ᠶᠢᠨ ᠬᠢᠮᠤᠷᠠᠯ ᠳᠤ ᠵᠥᠪᠯᠡᠯᠭᠡ ᠥᠭᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/3/25
       ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠵᠦᠩ ᠬᠤᠸᠠ ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ  ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠢᠴᠡ ᠶᠢᠨ ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠡᠳᠬᠢᠴᠡ ᠶᠢᠨ ᠤᠬᠠᠭᠠᠨ ᠤ  ᠨᠡᠶᠢᠭᠡᠮᠯᠢᠭ ᠤᠨ ᠳᠡᠮᠵᠢᠯᠭᠡ ᠲᠠᠢ ᠪᠠᠷ᠂ ᠪᠡᠭᠡᠵᠢᠩ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠡᠳᠬᠢᠴᠡ ᠶᠢᠨ ᠲᠤᠰᠠᠯᠠᠮᠵᠢ ᠶᠢᠨ ᠲᠥᠪ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠵᠢᠨ ᠡᠷᠬᠢᠯᠡᠭᠰᠡᠨ ᠠᠷᠤ ᠬᠤᠷᠴᠢᠨ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠰᠡᠳᠬᠢᠴᠡ ᠶᠢᠨ ᠬᠢᠮᠤᠷᠠᠯ ᠳᠤ ᠵᠥᠪᠯᠡᠯᠭᠡ ᠥᠭᠬᠦ ᠲᠤᠰᠬᠠᠶ ᠰᠡᠳᠦᠪᠲᠦ ᠪᠣᠯᠪᠠᠰᠤᠷᠠᠯ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠤᠳᠬ᠎ᠠ ᠲᠡᠭᠦᠯᠳᠡᠷ ᠶᠠᠪᠤᠭᠳᠠᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠤᠸᠠᠨ ᠪᠢᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ᠃
       ᠸᠠᠩ ᠶᠤᠸᠠᠨ ᠪᠢᠨ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠤ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠪᠣᠯᠪᠠᠰᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠯᠴᠠᠬᠤ ᠲᠣᠬᠢᠶᠠᠯ ᠢ ᠬᠤᠪᠢ ᠳᠠᠬᠢᠨ ᠨᠠᠨᠳᠢᠩᠨᠠᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠡᠯ᠎ᠡ ᠰᠠᠯᠠᠭ᠎ᠠ ᠮᠥᠴᠢᠷ ᠵᠢᠴᠢ ᠰᠤᠷᠭᠠᠭᠤᠯᠢ ᠢᠳᠡᠪᠬᠢᠲᠡᠶ ᠬᠠᠮᠵᠢᠯᠴᠠᠨ᠂ ᠪᠣᠯᠪᠠᠰᠤᠷᠠᠯ ᠤᠨ ᠠᠭᠤᠯᠭ᠎ᠠ ᠶᠢ ᠦᠨᠡᠨ ᠬᠦ ᠦᠢᠯᠡᠳᠣᠯᠭᠡᠵᠢᠭᠦᠯᠵᠤ᠂ ᠠᠷᠤ ᠬᠤᠷᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠭᠴᠢᠳ ᠤᠨ ᠦᠰᠦᠨ ᠪᠤᠶᠢᠵᠢᠯᠲᠠ ᠶᠢ ᠬᠠᠮᠠᠭᠠᠯᠠᠬᠤ ᠬᠡᠷᠡᠭᠲᠡᠶ ᠭᠡᠵᠡᠶ᠃
       ᠳᠤᠮᠳᠠᠳᠤ ᠤᠯᠤᠰ ᠤᠨ ᠵᠦᠩ ᠬᠤᠸᠠ ᠪᠦᠯᠦᠭᠯᠡᠯ 2013 ᠣᠨ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠠᠴᠠ ᠨᠠᠭᠠᠰᠢ᠂ ᠨᠡᠶᠢᠲᠡ 8886.08 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠵᠤ᠂ ᠬᠤᠨᠳᠣ ᠪᠠᠯᠭᠠᠰᠤ᠂ ᠪᠠᠶᠠᠨᠬᠤᠸᠠ ᠪᠠᠯᠭᠠᠰᠤ ᠵᠡᠷᠭᠡ 5 ᠴᠡᠴᠡᠷᠯᠢᠭ ᠢ ᠪᠠᠶᠢᠭᠤᠯᠵᠤ᠂ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ 4 ᠵᠢᠭᠠᠨ ᠰᠤᠷᠭᠠᠯᠲᠠ ᠶᠢᠨ ᠶᠡᠷᠣᠩᠬᠡᠶᠢᠯᠡᠭᠰᠡᠨ ᠠᠰᠠᠷ ᠢ ᠪᠠᠶᠢᠭᠤᠯᠵᠤ᠂ ᠲᠠᠮᠢᠷ ᠤᠨ ᠲᠠᠯᠠᠪᠠᠢ᠂ ᠨᠡᠶᠢᠲᠡ ᠶᠢᠨ ᠠᠰᠠᠷᠠᠮᠵᠢ ᠶᠢᠨ ᠨᠣᠮ ᠤᠨ ᠰᠠᠩ ᠬᠢᠭᠡᠳ ᠰᠢᠨᠵᠢᠯᠡᠭᠡ ᠮᠡᠷᠭᠡᠵᠢᠯ ᠤᠨ ᠣᠷᠳᠣᠨ ᠵᠡᠷᠭᠡ 17 ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠪᠠ︔ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠥᠷᠭᠦᠯᠵᠢᠯᠡᠨ ᠥᠷᠨᠢᠭᠦᠯᠵᠦ᠂ 638.13 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠠᠵᠤ᠂ ᠣᠳᠣ ᠪᠣᠯᠲᠠᠯ᠎ᠠ 5560 ᠰᠤᠷᠤᠭᠴᠢ ᠶᠢ ᠲᠤᠰᠠᠯᠠᠭᠰᠠᠨ ᠪᠠᠶᠢᠨ᠎ᠠ᠃           ︵ᠴᠠᠯᠮᠡᠭ᠂ ᠪᠠᠶ ᡁᠢ ᠶᠦᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号