3 ᠰᠠᠷ᠎ᠠ ᠶᠢᠨ 22 ᠤᠨ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠳᠡᠯᠡᠬᠡᠶ ᠶᠢᠨ ᠪᠥᠮᠪᠥᠷᠴᠡᠭ ᠬᠢᠭᠡᠳ | ᠣᠭᠲᠠᠷᠭᠤᠶ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠴᠧᠨ ᠶᠦᠨ ᠴᠤᠤ ᠱᠦᠵᠢ ᠨᠡᠷ ᠮᠠᠨ ᠤ | ᠬᠤᠰᠢᠭᠤᠨ ᠳᠤ ᠢᠷᠡᠵᠦ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠬᠤ ᠲᠤᠬᠠᠶ ᠶᠠᠷᠢᠯᠴᠠᠨ ᠰᠣᠯᠢᠯᠴᠠᠪᠠ᠃ ᠬᠤᠰᠢᠭᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠥᠬᠡᠪᠠᠷᠰ᠂ ᠬᠤᠰᠢᠭᠤᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠶ ᠮᠢᠩ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠶᠠᠨ ᠰᠢᠤᠸᠠᠢ ᠲᠤᠤ ᠬᠤᠷᠠᠯ ᠡᠷᠭᠢᠯᠡᠪᠡ᠃ | | | | ᠬᠤᠷᠠᠯ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ ᠶᠢᠨ ᠳᠡᠯᠡᠬᠡᠶ ᠶᠢᠨ ᠪᠥᠮᠪᠥᠷᠴᠡᠭ ᠪᠣᠯᠤᠨ ᠤᠭᠲᠠᠷᠭᠤᠶ ᠶᠢᠨ | ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠴᠧᠨ ᠶᠦᠨ ᠴᠤᠤ | ᠳᠡᠭᠡᠳᠦ ᠰᠤᠷᠭᠠᠭᠤᠯᠢ ᠶᠢᠨ ᠠᠵᠢᠯ ᠢᠶᠠᠨ ᠲᠠᠨᠢᠯᠴᠠᠭᠤᠯᠪᠠ᠃ ᠳᠡᠭᠡᠳᠦ ᠰᠤᠷᠭᠠᠭᠤᠯᠢ ᠶᠢᠨ ᠲᠤᠰᠠᠯᠠᠭᠴᠢ | ᠰᠤᠳᠤᠯᠤᠭᠴᠢ ᠠᠴᠠ ᠬᠤᠯᠪᠣᠭᠳᠠᠯ ᠪᠦᠬᠦᠢ ᠪᠠᠶᠢᠳᠡᠯ ᠤᠨ ᠲᠤᠬᠠᠶ ᠲᠠᠨᠢᠯᠴᠠᠭᠤᠯᠪᠠ᠃ ᠲᠥᠷᠥᠯ ᠵᠦᠢᠯ ᠤᠨ | ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯ ᠤᠨ ᠠᠬᠢᠴᠠ ᠪᠠᠨ ᠬᠠᠷᠢᠭᠤ ᠮᠡᠳᠡᠭᠦᠯᠪᠡ᠃ | ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠮᠠᠨ ᠤ ᠬᠤᠰᠢᠭᠤᠨ ᠤ | ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢᠨ ᠪᠠᠶᠢᠳᠡᠯ ᠢ ᠲᠠᠨᠢᠯᠴᠠᠭᠤᠯᠪᠠ᠃ ᠬᠤᠰᠢᠭᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠡᠭᠡᠵᠢᠩ ᠶᠡᠭᠡ ᠰᠤᠷᠭᠠᠭᠤᠯᠢ ᠶᠢᠨ ᠭᠠᠵᠠᠷ | ᠣᠭᠲᠠᠷᠭᠤᠶ ᠶᠢᠨ ᠳᠡᠭᠡᠳᠦ ᠰᠤᠷᠭᠠᠭᠤᠯᠢ ᠲᠠᠢ ᠰᠠᠨᠠᠯ ᠢᠶᠠᠨ ᠰᠣᠯᠢᠯᠴᠠᠵᠠᠶ᠃ | ᠣᠶᠢᠯᠠᠭᠠᠡᠡᠰᠡᠨ ᠢᠶᠠᠷ᠂ ᠪᠡᠭᠡᠵᠢᠩ ᠶᠡᠭᠡ ᠰᠤᠷᠭᠠᠭᠤᠯᠢ ᠶᠢᠨ ᠳᠡᠯᠡᠬᠡᠶ ᠶᠢᠨ ᠪᠥᠮᠪᠥᠷᠴᠡᠭ ᠤᠨ ᠰᠢᠨᠵᠢᠯᠡᠬᠦ | ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠰᠠᠭᠤᠷᠢᠨ ᠭᠠᠵᠠᠷ ᠵᠢᠴᠢ ᠪᠡᠭᠡᠵᠢᠩ ᠶᠡᠭᠡ ᠰᠤᠷᠭᠠᠭᠤᠯᠢ ᠶᠢᠨ | ᠳᠡᠯᠡᠬᠡᠶ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠶᠢ ᠡᠭᠦᠳᠦᠨ ᠪᠠᠶᠢᠭᠤᠯᠬᠤ ᠴᠢᠬᠤᠯᠠ ᠬᠦᠴᠦᠨ ᠪᠣᠯᠤᠭᠰᠠᠨ ᠤ | ᠬᠤᠪᠢ ᠳᠤ᠂ ᠭᠠᠵᠠᠷ ᠰᠢᠨᠵᠢᠯᠡᠭᠡᠨ ᠤ ᠤᠬᠠᠭᠠᠨ᠂ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠤᠬᠠᠭᠠᠨ᠂ ᠭᠠᠵᠠᠷ | ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠬᠡᠮᠵᠢᠨ ᠵᠢᠷᠤᠬᠤ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠵᠡᠷᠭᠡ | ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠰᠤᠳᠤᠯᠭᠠᠨ ᠤ ᠦᠷ᠎ᠡ ᠪᠦᠲᠦᠭᠡᠯ ᠲᠠᠢ ᠶᠤᠮ᠃ ᠰᠢᠨ᠎ᠡ ᠨᠢᠭᠡ | ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠭᠠᠷᠭᠠᠬᠤ ᠠᠵᠢᠯᠯᠠᠭ᠎ᠠ ᠳᠤ ᠦᠢᠯᠡᠴᠢᠯᠡᠬᠦ ᠶᠢᠨ ᠲᠥᠯᠥᠭᠡ᠂ ᠪᠡᠭᠡᠵᠢᠩ | ᠶᠡᠭᠡ ᠰᠤᠷᠭᠠᠭᠤᠯᠢ ᠶᠢᠨ ᠭᠠᠵᠠᠷ ᠣᠭᠲᠠᠷᠭᠤᠶ ᠶᠢᠨ ᠳᠡᠭᠡᠳᠦ ᠰᠤᠷᠭᠠᠭᠤᠯᠢ ᠶᠢᠨ ᠬᠢᠨ ᠲᠤᠰᠬᠠᠶ ᠲᠥᠷᠥᠯ ᠵᠦᠢᠯ ᠤᠨ | ᠳᠤᠭᠤᠶᠢᠯᠠᠩ ᠢ ᠵᠣᠬᠢᠶᠠᠨ ᠪᠠᠶᠢᠭᠤᠯᠵᠤ᠂ ᠮᠠᠨ ᠤ ᠬᠤᠰᠢᠭᠤᠨ ᠤ ᠬᠢᠵᠠᠭᠠᠷ ᠲᠠᠬᠢ ᠴᠢᠶᠠᠨ ᠽᠧ ᠹᠧᠩ ᠠᠭᠤᠷᠬᠠᠶ ᠶᠢᠨ | ᠦᠢᠯᠡᠰ ᠤᠨ ᠬᠠᠪᠲᠠᠭᠠᠶ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠳᠤ ᠡᠬᠢ ᠪᠠᠶᠠᠯᠢᠭ ᠤᠨ ᠬᠠᠶᠢᠨ | ᠰᠢᠨᠵᠢᠯᠡᠯᠲᠠ ᠳᠤ ᠨᠠᠷᠢᠯᠢᠭ ᠣᠨᠣᠴᠠᠲᠠᠶ ᠯᠠᠪᠯᠠᠯᠲᠠ ᠬᠠᠩᠭᠠᠵᠤ᠂ ᠠᠭᠤᠷᠬᠠᠶ ᠶᠢᠨ ᠣᠷᠣᠨ ᠤ ᠠᠶᠤᠯᠭᠦᠶ | ᠦᠢᠯᠡᠣᠡᠪᠣᠷᠢᠯᠡᠯ ᠤᠨ ᠬᠢᠨᠠᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠳᠠᠩ ᠭᠠᠭᠴᠠ ᠬᠠᠶᠢᠨ | ᠰᠢᠨᠵᠢᠯᠡᠯᠲᠡ ᠶᠢᠨ ᠠᠷᠭ᠎ᠠ ᠶᠢᠨ ᠬᠢᠵᠠᠭᠠᠷᠯᠠᠯ ᠢ ᠰᠢᠪᠲᠤᠯᠬᠤ ᠪᠠᠷ ᠲᠤᠷᠰᠢᠵᠤ᠂ ᠬᠠᠶᠢᠨ ᠰᠢᠨᠵᠢᠯᠡᠯᠲᠡ ᠶᠢᠨ | ᠲᠦᠭᠰᠢᠭᠦᠷᠢ ᠶᠢ ᠪᠠᠭᠤᠷᠠᠭᠤᠯᠤᠨ᠂ ᠠᠭᠤᠷᠬᠠᠶ ᠶᠢᠨ ᠦᠢᠯᠡᠰ ᠤᠨ ᠪᠣᠬᠢᠷᠲᠤᠯ ᠦᠭᠡᠢ᠂ ᠣᠶᠤᠨᠴᠢᠯᠠᠭᠰᠠᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠳᠤ ᠡᠨᠧᠷᠭᠢ ᠣᠯᠭᠤᠭᠰᠠᠨ ᠪᠠᠶᠢᠨ᠎ᠠ᠃ ︵ᠤᠷᠭᠤᠮᠠᠯ᠂ ᠪᠠᠶ ᡁᠢ ᠶᠦᠩ︶ |