3 ᠰᠠᠷ᠎ᠠ ᠶᠢᠨ 26 ᠤ ᠡᠳᠦᠷ᠂ ᠭᠤᠴᠢᠨ ᠭᠤᠷᠪᠠᠳᠠᠬᠢ ᠬᠤᠭᠤᠴᠠᠭᠠᠨ ︽ᠳᠡᠯᠡᠬᠡᠶ ᠶᠢᠨ ᠤᠰᠤᠨ | ᠤ ᠡᠳᠦᠷ︾ ᠪᠣᠯᠤᠨ ᠭᠤᠴᠢᠨ ᠨᠠᠢᠮᠠᠳᠡᠬᠢ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ | ᠲᠣᠬᠢᠶᠠᠵᠤ ᠪᠠᠶᠢᠭ᠎ᠠ ᠲᠠᠰᠢᠷᠠᠮ ᠢᠶᠠᠷ᠂ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ ᠴᠢᠪᠠᠭ᠎ᠠ ᠳᠥᠷᠪᠡᠳᠦᠭᠡᠷ | ᠪᠠᠭ᠎ᠠ ᠰᠤᠷᠭᠠᠭᠤᠯᠢ ᠳᠤ ᠬᠦᠷᠴᠦ ︽ᠤᠰᠤ ᠶᠢ ᠠᠷᠪᠢᠯᠠᠵᠤ ᠤᠰᠤ ᠶᠢ ᠵᠠᠰᠠᠵᠤ ᠠᠮᠢ ᠠᠬᠤᠶ ᠪᠠᠨ ᠬᠠᠮᠠᠭᠠᠯᠠᠵᠤ ᠭᠠᠷ | ᠬᠤᠯᠪᠣᠯᠴᠠᠨ ᠤᠰᠤᠨ ᠤ ᠠᠮᠤᠷ ᠲᠦᠪᠰᠢᠨ ᠢ ᠬᠠᠮᠠᠭᠠᠯᠠᠶ᠎ᠠ︾ ᠰᠡᠳᠦᠪᠲᠦ ᠤᠰᠤ ᠠᠷᠪᠢᠯᠠᠬᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠬᠤᠰᠢᠭᠤᠨ ᠣᠰᠤᠨ ᠠᠰᠢᠭᠯᠠᠯᠲᠠ ᠶᠢᠨ ᠲᠣᠪᠴᠢᠶ᠎ᠠ ᠴᠢᠪᠠᠭ᠎ᠠ ᠳᠥᠷᠪᠡᠳᠦᠭᠡᠷ | ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠲᠤᠰ ᠲᠤᠰ ᠪᠠᠶᠠᠷ ᠤᠨ ᠦᠭᠡ ᠬᠡᠯᠡᠵᠦ᠂ ᠠᠵᠢᠯᠲᠠᠨ ᠤᠰᠤ ᠠᠷᠪᠢᠯᠠᠬᠤ | ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ ᠬᠤᠰᠢᠭᠤᠨ ᠣᠰᠤᠨ ᠠᠰᠢᠭᠯᠠᠯᠲᠠ ᠶᠢᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠠᠷᠤ ᠬᠤᠷᠴᠢᠨ ᠬᠤᠰᠢᠭᠤᠨ ᠤ ᠤᠰᠤ ᠠᠷᠪᠢᠯᠠᠬᠤ ᠬᠤᠰᠢᠭᠤᠴᠢ ᠶᠢᠨ ᠢᠷᠠᠭᠤ ᠠᠯᠳᠠᠷ ᠢ | ᠬᠦᠷᠲᠡᠭᠰᠡᠨ ᠰᠤᠷᠤᠭᠴᠢᠳ ᠢ ᠤᠷᠮᠠᠰᠢᠭᠤᠯᠤᠨ ᠱᠠᠩᠨᠠᠬᠤ ᠶᠢᠨ ᠬᠠᠮᠲᠤ ᠪᠦᠴᠡ ᠵᠡᠭᠦᠯᠭᠡᠵᠦ᠂ ᠦᠨᠡᠮᠯᠡᠯ ᠪᠠ | ᠳᠤᠷᠠᠰᠬᠠᠯ ᠤᠨ ᠪᠣᠳᠠᠰ ᠭᠠᠷᠳᠠᠭᠤᠯᠪᠠ᠃ ᠤᠰᠤ ᠠᠷᠪᠢᠯᠠᠬᠤ ᠬᠤᠰᠢᠭᠤᠴᠢ ᠪᠣᠯᠤᠨ ᠤᠰᠤ ᠠᠷᠪᠢᠯᠠᠬᠤ ᠰᠠᠶᠢᠨ | ᠲᠤᠷᠠᠴᠤᠳ ᠭᠠᠷ ᠤᠨ ᠦᠰᠦᠭ ᠵᠢᠷᠤᠵᠠᠶ᠃ | | | | | | ᠲᠤᠰ ᠤᠳᠠᠭᠠᠨ ᠤ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠰᠤᠷᠤᠭᠴᠢᠳ | ᠤᠰᠤᠨ ᠤ ᠬᠠᠤᠯᠢ ᠶᠢᠨ ᠮᠡᠳᠡᠯᠭᠡ ᠪᠠ ᠤᠰᠤ ᠠᠷᠪᠢᠯᠠᠬᠤ ᠤᠷ᠎ᠠ ᠮᠡᠷᠭᠡᠵᠢᠯ ᠢ ᠰᠣᠷᠣᠭᠰᠠᠨ ᠲᠡᠳᠦᠶ ᠥᠬᠡᠶ᠂ ᠨᠠᠩ | ᠴᠦ ᠤᠰᠤ ᠠᠷᠪᠢᠯᠠᠬᠤ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠤᠭᠰᠠᠨ ᠪᠠᠶᠢᠨ᠎ᠠ᠃ ᠰᠤᠷᠭᠠᠭᠤᠯᠢ ᠠᠴᠠ ᠲᠤᠰ | ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠰᠤᠷᠭᠠᠭᠤᠯᠢ ᠶᠢᠨ ᠬᠦᠷᠢᠶᠡᠨ ᠳᠤ ᠤᠰᠤ ᠠᠷᠪᠢᠯᠠᠬᠤ | ᠬᠥᠮᠦᠵᠢᠯ ᠢ ᠥᠷᠭᠦᠯᠵᠢᠯᠡᠨ ᠥᠷᠨᠢᠭᠦᠯᠵᠦ᠂ ᠤᠰᠤ ᠠᠷᠪᠢᠯᠠᠬᠤ ᠣᠶᠢᠯᠠᠭᠠᠡᠡᠳᠠᠬᠤᠨ ᠢ ᠡᠳᠦᠷ ᠲᠣᠲᠤᠮ ᠤᠨ ᠵᠢᠭᠠᠨ | ᠰᠤᠷᠭᠠᠯᠲᠠ ᠬᠢᠭᠡᠳ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ | ᠣᠷᠣᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ | ᠢᠯᠡᠷᠭᠡᠶᠢᠯᠡᠪᠡ᠃ ︵ᠴᠡᠯᠮᠡᠭ︶ | | |