3 ᠰᠠᠷ᠎ᠠ ᠶᠢᠨ 25 - 26 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ ᠠᠷᠤ ᠬᠤᠷᠴᠢᠨ | ᠬᠤᠰᠢᠭᠤᠨ ᠳᠤ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠡᠯ ᠳᠤ ᠪᠠᠶᠢᠴᠠᠭᠠᠨ ᠰᠤᠳᠤᠯᠤᠯᠲᠡ ᠬᠢᠵᠦ ᠱᠠᠯᠠᠪᠳᠠᠭᠤᠯᠣᠨ ᠵᠢᠯᠣᠭᠤᠳᠴᠤ᠂ ᠠᠷᠤ ᠬᠤᠷᠴᠢᠨ ᠬᠤᠰᠢᠭᠤᠨ ᠤ | ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | | | ᠸᠠᠩ ᠱᠧᠩ ᠼᠠᠢ ᠨᠠᠷ ᠤᠷᠢᠳ ᠬᠤᠵᠢᠳ ᠹᠸᠢ ᠾᠧ ︵ᠠᠷᠤ ᠬᠤᠷᠴᠢᠨ ᠬᠤᠰᠢᠭᠤ︶ ᠣᠶᠤᠨᠴᠢᠯᠠᠭᠰᠠᠨ | ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠢ ᠾᠧ ᠯᠢᠦᠶ ᠶᠢᠨ ᠲᠠᠷᠢᠶᠠᠯᠠᠩ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠣ ᠶᠠ ᠣᠳᠣ ᠦᠶ᠎ᠡ ᠶᠢᠨ ᠮᠠᠯᠵᠢᠯ ᠤᠨ ᠲᠠᠯᠠᠪᠠᠢ ᠶᠢᠨ ᠲᠦᠩᠰᠢ | ᠬᠤᠪᠢᠶᠠᠷᠢ ᠺᠣᠮᠫᠠᠨᠢ᠂ ᠱᠤᠤ ᠪᠠᠯᠭᠠᠰᠤ ᠶᠢᠨ ᠠᠮᠢᠡᠡᠦ᠋ᠡᠳᠣᠷ ᠭᠠᠴᠠᠭ᠎ᠠ᠂ ᠴᠢᠪᠠᠭ᠎ᠠ ᠪᠠᠯᠭᠠᠰᠤ ᠶᠢᠨ ᠰᠢᠨ ᠫᠢᠩ | ᠲᠣᠰᠬᠤᠨ ᠪᠣᠯᠤᠨ ᠪᠠ ᠹᠠᠩ ᠲᠣᠰᠬᠤᠨ᠂ ᠪᠠᠯᠴᠢᠷᠤᠳ ᠰᠤᠮᠤ ᠶᠢᠨ ᠲᠠᠯᠠᠡᠬᠤᠸ᠋ᠨ ᠭᠠᠴᠠᠭᠠᠨ ᠤ ᠰᠠᠶᠢᠨ ᠢ ᠡᠷᠳᠡᠨᠢ | ᠪᠣᠯᠭᠠᠭᠴᠢ ᠰᠦᠮ᠎ᠡ᠂ ᠴᠢᠪᠠᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠠᠷᠤ ᠬᠤᠷᠴᠢᠨ ᠬᠤᠰᠢᠭᠤᠨ ᠤ | ᠰᠢᠭᠦᠬᠦ ᠬᠤᠷᠢᠶ᠎ᠠ ᠶᠢᠨ ᠵᠠᠷᠭᠤ ᠡᠶᠡᠳᠡᠭᠦᠯᠦᠯᠲᠡ ᠶᠢᠨ ᠵᠣᠯᠭᠠᠭᠤᠯᠬᠤ ᠲᠥᠪ ᠵᠡᠷᠭᠡ ᠭᠠᠵᠠᠷ ᠢᠶᠠᠷ ᠬᠦᠷᠴᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ᠂ ᠵᠠᠭᠤᠨ ᠲᠦᠮᠡᠨ ᠬᠢᠯᠦᠸᠠᠲ ᠤᠨ ᠰᠠᠯᠬᠢᠨ ᠬᠦᠴᠦᠨ ᠤ ᠡᠨᠧᠷᠭᠢ ᠶᠢᠨ | ᠨᠥᠭᠡᠴᠡ ᠶᠢᠨ ᠰᠠᠭᠤᠷᠢᠨ ᠭᠠᠵᠠᠷ᠂ ᠲᠣᠰᠬᠤᠨ ᠤ ᠳᠡᠰ ᠤᠨ ᠭᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ | ᠴᠠᠬᠢᠯᠭᠠᠨ ᠤ ᠥᠷᠲᠡᠭᠡ᠂ ᠲᠡᠮᠦᠷ ᠤᠨ ᠠᠭᠤᠷᠬᠠᠶ ᠮᠠᠯᠲᠠᠬᠤ ᠥᠨᠳᠥᠷ ᠣᠭᠤᠷᠬᠠᠳᠤ ᠴᠠᠷᠭᠠᠰᠤ ᠶᠢ ᠢᠳᠡᠭᠡᠨ ᠤ ᠵᠦᠢᠯ | ᠪᠣᠯᠭᠠᠨ ᠠᠰᠢᠭᠯᠠᠬᠤ ᠪᠠ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠦ ᠶᠢᠨ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠢᠯᠯᠠᠭ᠎ᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠳᠡᠯᠭᠡᠷᠡᠭᠦᠯᠦᠯᠲᠡ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ | ᠵᠢᠷᠤᠮᠵᠢᠭᠰᠡᠨ ᠬᠠᠮᠢᠶᠠᠷᠤᠯᠲᠠ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠪᠠ ᠵᠠᠬᠢᠳᠠᠯ | ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠡᠯ ᠢ ᠣᠶᠢᠯᠠᠭᠠᠪᠠ᠃ | | | | ᠸᠠᠩ ᠱᠧᠩ ᠼᠠᠢ ᠢᠯᠡᠷᠬᠡᠶᠢᠯᠡᠬᠦ ᠳᠡᠭᠡᠨ᠂ ᠣᠳᠣᠬᠠᠨ ᠳᠤ ᠠᠷᠤ ᠬᠤᠷᠴᠢᠨ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠨᠢᠭᠡᠳᠦᠭᠡᠷ | ᠤᠯᠠᠷᠢᠯ ᠤᠨ ᠡᠯ᠎ᠡ ᠵᠦᠢᠯ ᠤᠨ ᠭᠤᠤᠯ ᠡᠭᠦᠷᠭᠡ ᠶᠢᠨ ᠭᠦᠢᠴᠡᠣᠡᠭᠡᠯ ᠲᠤᠭ᠎ᠠ ᠦᠷᠭᠦᠯᠵᠢᠯᠡᠨ ᠰᠠᠶᠢᠵᠢᠷᠠᠵᠤ ᠪᠣᠶ᠂ | ᠠᠤᠭ᠎ᠠ ᠰᠠᠨᠠᠭ᠎ᠠ ᠡᠷᠡᠯᠬᠡᠭ ᠵᠣᠷᠢᠭ ᠢ ᠪᠣᠢ ᠪᠣᠯᠭᠠᠵᠤ᠂ ᠯᠠᠪᠳᠠᠭᠤᠨ ᠪᠠᠲᠤᠲᠠᠶ ᠠᠵᠢᠯᠯᠠᠬᠤ ᠶᠢ ᠪᠠᠷᠢᠮᠲᠠᠯᠠᠨ᠂ | ᠬᠠᠷᠠᠯᠲᠠ ᠪᠠᠨ ᠭᠤᠶᠢᠪᠢᠰᠢ ᠥᠬᠡᠶ ᠲᠣᠭᠲᠠᠭᠠᠵᠤ᠂ ᠭᠤᠤᠯᠳᠠᠯᠭ᠎ᠠ ᠶᠢ ᠳᠣᠪᠤᠶᠢᠯᠭᠠᠨ ᠲᠣᠬᠢᠷᠠᠭᠤᠯᠤᠯᠲᠠ ᠶᠢ | ᠠᠳᠬᠤᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ | ᠦᠷᠭᠦᠯᠵᠢᠯᠡᠨ ᠬᠥᠭᠵᠢᠵᠦ ᠦᠷ᠎ᠡ ᠠᠰᠢᠭ ᠣᠯᠬᠤ ᠶᠢ ᠪᠡᠶᠡᠯᠡᠭᠦᠯᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ | ︽ᠠᠷᠪᠠᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠤ ᠬᠤᠷᠴᠢᠨ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ ᠲᠥᠷᠥᠯ ᠵᠦᠢᠯ ᠢ ᠲᠥᠯᠥᠪᠵᠢᠭᠦᠯᠵᠦ᠂ ᠠᠷᠭ᠎ᠠ ᠬᠡᠮᠵᠢᠶ᠎ᠡ ᠲᠣᠭᠲᠠᠭᠠᠨ᠂ | ᠠᠭᠤᠷᠬᠠᠶ ᠶᠢᠨ ᠦᠢᠯᠡᠰ᠂ ᠰᠢᠨ᠎ᠡ ᠡᠨᠧᠷᠭᠢ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ | ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠡᠨ ᠠᠬᠢᠭᠤᠯᠵᠤ᠂ | ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠶ ᠶᠢᠨ ᠶᠡᠭᠡ ᠬᠥᠭᠵᠢᠯᠲᠡ ᠶᠢ ᠲᠠᠶᠢᠴᠢᠯᠠᠨ᠂ | ᠪᠦᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠶᠡᠷᠦᠩᠬᠡᠶ | ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠡᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ︽ᠳᠥᠷᠪᠡᠨ | ᠳᠤᠷ᠎ᠠ ᠪᠠᠷ ᠢᠶᠠᠨ ᠪᠠᠶᠢᠬᠤ︾ ᠶᠢ ᠴᠡᠭᠴᠡᠯᠡᠨ ᠵᠠᠰᠠᠬᠤ᠂ ᠪᠠᠯᠠ ᠲᠣᠬᠢᠷᠠᠭᠤᠯᠬᠤ ᠳᠤ ᠬᠦᠴᠢᠷ᠂ ᠪᠠᠯᠠ | ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠨᠠᠩ ᠣᠯᠠᠨ ᠴᠢᠩᠭ᠎ᠠ | ᠪᠣᠳᠠᠲᠠᠶ ᠠᠷᠭ᠎ᠠ ᠬᠡᠮᠵᠢᠶ᠎ᠡ ᠠᠪᠴᠤ᠂ ᠨᠥᠬᠦᠴᠡᠯ ᠲᠠᠢ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ | ︽ᠵᠠᠷᠯᠠᠯ ᠨᠡᠶᠢᠳᠡᠯᠡᠵᠤ ᠮᠠᠩᠯᠠᠶᠢᠯᠠᠭᠤᠯᠬᠤ︾ ᠲᠥᠷᠥᠯ ᠵᠦᠢᠯ ᠳᠤ ᠣᠷᠣᠯᠴᠠᠬᠤ ᠶᠢ ᠳᠡᠮᠵᠢᠵᠤ᠂ ᠰᠢᠨ᠎ᠡ ᠴᠢᠨᠠᠷ | ᠰᠠᠶᠢᠲᠠᠶ ᠦᠢᠯᠡᠣᠡᠪᠣᠷᠢᠯᠡᠯ ᠤᠨ ᠬᠦᠴᠦᠨ ᠢ ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠳᠤᠮᠳᠠᠳᠤ ᠤᠯᠤᠰ ᠤᠨ ᠡᠪᠡᠰᠦᠨ ᠤ ᠲᠥᠪ︾ ᠤᠨ ᠲᠥᠷᠥᠯ | ᠲᠡᠮᠳᠡᠭ ᠤᠨ ᠳᠠᠪᠠᠭᠤᠯᠢᠭ ᠢᠶᠠᠨ ᠪᠠᠳᠠᠷᠠᠭᠤᠯᠤᠨ᠂ ︽ᠡᠪᠡᠰᠦᠨ ᠤ ᠦᠢᠯᠡᠰ + ᠵᠢᠭᠤᠯᠴᠢᠯᠠᠯ︾ ᠤᠨ ᠵᠠᠭᠪᠤᠷ ᠢ | ᠬᠠᠶᠢᠨ ᠰᠦᠪᠡᠭᠴᠢᠯᠠᠵᠦ᠂ ᠡᠪᠡᠰᠦ ᠪᠡᠯᠴᠢᠭᠡᠷ ᠤᠨ ᠡᠬᠢ ᠪᠠᠶᠠᠯᠢᠭ ᠲᠠᠬᠢ ᠪᠠᠶᠢᠭᠠᠯᠢ ᠶᠢᠨ ᠦᠵᠡᠮᠵᠢ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠦᠢᠴᠡᠣᠨ ᠡᠮᠬᠢᠯᠡᠨ ᠨᠡᠶᠢᠯᠡᠭᠦᠯᠵᠦ᠂ ᠰᠣᠶᠣᠯ ᠢᠷᠭᠡᠨᠰᠢᠯ᠂ | ᠦᠨᠳᠦᠰᠦᠲᠡᠨ ᠤ ᠵᠠᠩ ᠠᠭᠠᠯᠢ᠂ ᠤᠯᠠᠮᠵᠢᠯᠠᠯᠲᠤ ᠤᠷ᠎ᠠ ᠮᠡᠷᠭᠡᠵᠢᠯ ᠵᠡᠷᠭᠡ ᠰᠣᠶᠣᠯ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠤᠨ᠂ ᠡᠯ᠎ᠡ ᠴᠡᠭ᠂ ᠡᠯ᠎ᠡ ᠬᠦᠴᠦᠨ ᠵᠦᠢᠯ ᠢ ᠬᠡᠯᠬᠢᠶᠡᠯᠡᠵᠦ ᠲᠥᠪᠯᠡᠷᠡᠭᠦᠯᠦᠨ᠂ ᠡᠪᠡᠰᠦᠨ ᠤ ᠦᠢᠯᠡᠰ ᠤᠨ | ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠠᠷᠤ ᠬᠤᠷᠴᠢᠨ ᠬᠤᠰᠢᠭᠤᠨ ᠤ | ᠵᠢᠭᠤᠯᠴᠢᠯᠠᠯ ᠤᠨ ᠬᠥᠮᠦᠰ ᠤᠨ ᠬᠦᠷᠢᠶᠡᠯᠡᠯ ᠢ ᠣᠯᠬᠤ ᠪᠠ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ | ︽ᠠᠷᠢᠭᠤᠨ ᠲᠠᠭᠰᠢᠨ ᠠᠷᠤ ᠬᠤᠷᠴᠢᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ | ᠡᠭᠦᠳᠴᠦ᠂ ᠴᠠᠷᠭᠠᠰᠤ ᠶᠢ ᠢᠳᠡᠭᠡᠨ ᠤ ᠵᠦᠢᠯ ᠪᠣᠯᠭᠠᠨ ᠠᠰᠢᠭᠯᠠᠬᠤ᠂ ᠴᠠᠭᠠᠨ ᠢᠳᠡᠭᠡᠨ ᠵᠡᠷᠭᠡ ᠲᠠᠯ᠎ᠠ ᠪᠠᠷ ᠨᠠᠩ | ᠣᠯᠠᠨ ᠣᠷᠭᠠᠨᠢᠭ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠨ᠂ ᠬᠡᠷᠡᠭᠴᠡᠭᠡ | ᠪᠦᠬᠦᠢ ᠮᠡᠷᠭᠡᠵᠢᠯ ᠢ ᠣᠷᠣᠭᠤᠯᠤᠨ ᠠᠪᠴᠢᠷᠠᠵᠤ᠂ ᠴᠢᠨᠠᠷ ᠰᠠᠶᠢᠲᠠᠶ ᠪᠦᠲᠦᠭᠡᠭᠳᠡᠬᠦᠨ ᠢ ᠭᠠᠷᠭᠠᠬᠤ ᠬᠡᠷᠡᠭᠲᠡᠶ᠃ | ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠮᠡᠯ | ᠹᠷᠣᠨᠲ ᠤᠨ ᠬᠠᠮᠢᠶ᠎ᠠ ᠪᠦᠬᠦᠢ ᠬᠦᠷᠢᠶᠡᠨ ᠤ ᠠᠵᠢᠯ ᠢ ᠳᠠᠬᠢᠨᠲᠠ ᠴᠢᠬᠤᠯᠠᠴᠢᠯᠠᠵᠤ᠂ ᠳᠠᠬᠢᠨᠲᠠ ᠨᠠᠷᠢᠯᠢᠭ ᠬᠢᠵᠦ | ᠳᠠᠬᠢᠨᠲᠠ ᠭᠦᠨᠵᠡᠭᠡᠶᠢᠷᠡᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢᠵᠢᠭᠤᠯᠤᠨ᠂ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ | ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃ | | | | ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠲᠤ᠂ ᠸᠠᠩ ᠱᠧᠩ ᠼᠠᠢ ᠢᠯᠡᠷᠬᠡᠶᠢᠯᠡᠭᠰᠡᠨ | ᠨᠢ᠂ ᠣᠷᠣᠰᠢᠨ ᠰᠠᠭᠤᠵᠤ ᠦᠢᠯᠡᠰ ᠪᠣᠰᠬᠠᠬᠤ ᠳᠤ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠬᠤ ᠬᠠᠷᠠᠯᠲᠠ ᠯᠤᠭ᠎ᠠ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠤ ᠬᠥᠭᠵᠢᠯᠲᠡ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠨᠢᠭᠡ ᠴᠣᠭᠴᠠᠵᠢᠭᠤᠯᠤᠨ | ᠪᠣᠳᠠᠲᠠᠶ ᠠᠳᠬᠤᠵᠤ᠂ ᠬᠥᠳᠡᠭᠡ ᠲᠣᠰᠬᠤᠨ ᠤ ᠠᠵᠤ ᠦᠢᠯᠡᠰ᠂ ᠰᠣᠶᠣᠯ᠂ ᠠᠮᠢ ᠠᠬᠤᠶ᠂ ᠴᠢᠳᠠᠪᠤᠷᠢᠲᠠᠨ᠂ | ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠵᠣᠬᠢᠶᠠᠨ ᠪᠠᠶᠢᠭᠤᠯᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠳᠣᠭᠡᠯ ᠢ ᠲᠠᠰᠤᠷᠠᠯᠲᠠ | ᠥᠬᠡᠶ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠡᠷᠡᠭᠲᠡᠶ᠃ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠴᠢᠨᠠᠷ | ᠰᠠᠶᠢᠲᠠᠶ ᠪᠡᠶᠡᠯᠡᠭᠦᠯᠵᠦ᠂ ᠠᠵᠢᠯ ᠬᠢᠬᠦ ᠬᠠᠷᠠᠯᠲᠠ ᠲᠠᠢ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ | ᠭᠠᠴᠠᠭᠠᠨ ᠤ ᠺᠠᠳ᠋ᠷ ᠤᠨ ᠡᠩᠨᠡᠭᠡ ᠪᠠ ᠨᠠᠮ ᠤᠨ ᠭᠡᠰᠢᠭᠦᠨ ᠤ ᠭᠤᠤᠯᠯᠠᠭᠴᠢ ᠬᠦᠴᠦᠨ ᠢ ᠪᠤᠢ ᠪᠣᠯᠭᠠᠬᠤ ᠬᠡᠷᠡᠭᠲᠡᠶ᠃ | ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ | ᠦᠨᠳᠦᠰᠦᠨ ᠱᠠᠳᠤᠨ ᠳᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠦᠲᠦᠮᠵᠢᠲᠡᠶ ᠠᠷᠭ᠎ᠠ ᠬᠢᠳᠡᠯ ᠢ ᠢᠳᠡᠪᠬᠢᠲᠡᠶ | ᠰᠦᠪᠡᠭᠴᠢᠯᠡᠨ᠂ ᠠᠵᠢᠯ ᠤᠨ ᠰᠤᠷᠲᠠᠯ ᠢᠶᠠᠨ ᠣᠯᠠᠮ ᠴᠢᠨᠠᠭᠰᠢᠳᠠ ᠬᠤᠪᠢᠷᠠᠭᠤᠯᠵᠤ᠂ ᠣᠯᠠᠨ ᠲᠦᠮᠡᠨ ᠯᠦᠭᠡ ᠶᠢᠨ | ᠬᠠᠷᠢᠯᠴᠠᠭ᠎ᠠ ᠪᠠᠨ ᠨᠢᠭᠲᠠᠷᠠᠭᠤᠯᠬᠤ ᠬᠡᠷᠡᠭᠲᠡᠶ ᠭᠡᠪᠡ᠃ ︵ᠯᠢ ᠬᠤᠸᠠᠨ ᠢᠦᠢ︶ |