3 ᠰᠠᠷ᠎ᠠ ᠶᠢᠨ 4 ᠤ ᠡᠳᠦᠷ᠂ ᠬᠠᠨ ᠲᠢᠩ ᠨᠡᠶᠢᠭᠡᠮ ᠲᠣᠭᠤᠷᠢᠭ ᠤᠨ ᠬᠢᠨ ᠬᠤᠰᠢᠭᠤᠨ ᠡᠮᠨᠡᠯᠭᠡ ᠶᠢᠨ | ᠬᠤᠷᠢᠶ᠎ᠠ ᠲᠠᠢ ᠬᠠᠮᠲᠤᠷᠠᠨ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠬᠠᠮᠲᠤ ᠪᠠᠷ | ᠠᠷᠠᠳ ᠤᠨ ᠡᠷᠡᠭᠦᠯ ᠡᠩᠬᠡ ᠳᠤ ᠦᠢᠯᠡᠴᠢᠯᠡᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ | ᠨᠡᠶᠢᠭᠡᠮ ᠲᠣᠭᠤᠷᠢᠭ ᠤᠨ ᠦᠶ ᠣᠯᠠᠨ ᠰᠠᠭᠤᠭᠠᠯᠢ ᠠᠷᠠᠳ ᠢ ᠢᠳᠡᠪᠬᠢᠲᠡᠶ ᠣᠷᠣᠯᠴᠠᠭᠤᠯᠵᠤ᠂ ᠨᠡᠶᠢᠭᠡᠮ | ᠲᠣᠭᠤᠷᠢᠭ ᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠯᠠᠭᠤᠨ ᠥᠷᠨᠢᠯᠲᠡ ᠭᠠᠷᠭᠠᠪᠠ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠬᠤᠰᠢᠭᠤᠨ ᠡᠮᠨᠡᠯᠭᠡ ᠶᠢᠨ ᠬᠤᠷᠢᠶᠠᠨ ᠤ ᠠᠵᠢᠯᠲᠠᠳ | ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠵᠢᠱᠢᠶ᠎ᠡ ᠦᠵᠡᠭᠦᠯᠬᠦ | ᠲᠠᠶᠢᠯᠤᠮᠵᠢ ᠬᠢᠵᠦ᠂ ᠰᠠᠭᠤᠭᠠᠯᠢ ᠠᠷᠠᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠴᠢᠬᠤᠯᠠ ᠴᠢᠨᠠᠷ ᠢ | ᠲᠣᠳᠣᠷᠬᠠᠶᠢᠯᠠᠨ ᠥᠭᠦᠯᠡᠬᠦ ᠶᠢᠨ ᠬᠠᠮᠲᠤ ᠲᠤᠬᠠᠶ ᠶᠢᠨ ᠲᠠᠯᠠᠪᠠᠢ ᠳᠤ ᠦᠵᠡᠭᠦᠯᠭᠡ ᠬᠢᠵᠡᠶ᠃ | | | | ᠳᠠᠷᠠᠭ᠎ᠠ ᠳᠤᠨᠢ᠂ ᠬᠤᠰᠢᠭᠤᠨ ᠡᠮᠨᠡᠯᠭᠡ ᠶᠢᠨ ᠬᠤᠷᠢᠶᠠᠨ ᠤ ᠣᠯᠠᠨ ᠰᠠᠯᠠᠭ᠎ᠠ ᠲᠠᠰᠤᠭ ᠤᠨ ᠡᠮᠴᠢᠯᠡᠭᠡᠨ ᠤ | ᠪᠦᠯᠬᠦᠮ ᠨᠢ ᠰᠠᠭᠤᠭᠠᠯᠢ ᠠᠷᠠᠳ ᠲᠤ ᠴᠢᠰᠤᠨ ᠳᠠᠷᠤᠯᠲᠠ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠨᠢᠳᠦᠨ ᠤ | ᠡᠪᠡᠳᠴᠢᠨ ᠢ ᠰᠢᠭᠰᠢᠨ ᠪᠠᠶᠢᠴᠠᠭᠠᠬᠤ᠂ ᠠᠭᠤᠰᠬᠢᠨ ᠤ ᠴᠢᠳᠠᠮᠵᠢ ᠶᠢ ᠪᠠᠶᠢᠴᠠᠭᠠᠬᠤ᠂ ᠵᠢᠷᠦᠬᠡᠨ ᠤ ᠯᠣᠡᠡᠰᠢᠯᠳᠠ ᠶᠢᠨ | ᠵᠢᠷᠤᠭ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠵᠡᠷᠭᠡ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠪᠠᠶᠢᠴᠠᠭᠠᠯᠳᠠ ᠪᠠ | ᠯᠠᠪᠯᠠᠯᠲᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠠᠵᠢᠯᠲᠠᠳ ᠰᠠᠭᠤᠭᠠᠯᠢ ᠠᠷᠠᠳ ᠨᠢᠭᠡᠪᠦᠷᠢ ᠶᠢᠨ ᠲᠤᠭ᠎ᠠ | ᠪᠠᠷᠢᠮᠲᠠ ᠶᠢ ᠨᠠᠷᠢᠨ ᠨᠢᠮᠪᠠᠶ ᠬᠡᠮᠵᠢᠵᠦ᠂ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠡᠯ ᠢ ᠨᠠᠷᠢᠨ ᠬᠢᠨᠠᠮᠠᠭᠠᠶ | ᠰᠣᠨᠣᠰᠴᠤ᠂ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠᠷ ᠢᠶᠠᠨ ᠰᠡᠵᠢᠭ ᠮᠠᠳᠠᠭ ᠲᠠᠢ ᠠᠰᠠᠭᠤᠳᠠᠯ ᠢ | ᠲᠠᠶᠢᠯᠪᠤᠷᠢᠯᠠᠵᠤ᠂ ᠪᠠᠶᠢᠴᠠᠭᠠᠯᠳᠠ ᠶᠢᠨ ᠳ᠋ᠦᠩ ᠲᠠᠢ ᠨᠢ ᠤᠶᠠᠯᠳᠤᠭᠤᠯᠤᠨ ᠲᠤᠰᠬᠠᠶ ᠮᠡᠷᠭᠡᠵᠢᠯ ᠤᠨ ᠰᠠᠨᠠᠭᠤᠯᠭ᠎ᠠ | ᠭᠠᠷᠭᠠᠵᠠᠶ᠃ | | | | ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠢᠭᠡ ᠤᠳᠠᠭᠠᠨ ᠤ ᠡᠷᠡᠭᠦᠯ | ᠮᠡᠨᠳᠦ ᠶᠢᠨ ᠦᠢᠯᠡᠴᠢᠯᠡᠭᠡ ᠪᠣᠯᠬᠤ ᠪᠠᠷ ᠪᠠᠷᠠᠬᠤ ᠥᠬᠡᠶ᠂ ᠨᠠᠩ ᠴᠤ ᠯᠧᠶ ᠹᠧᠩ ᠤᠨ ᠵᠣᠷᠢᠭ ᠰᠠᠨᠠᠭ᠎ᠠ ᠶᠢ | ᠰᠤᠷᠤᠯᠴᠠᠬᠤ ᠰᠢᠨ᠎ᠡ ᠴᠠᠭ ᠦᠶ᠎ᠡ ᠶᠢᠨ ᠠᠮᠢᠳᠤ ᠪᠣᠳᠠᠲᠠᠶ ᠦᠢᠯᠡᠳᠣᠯᠭᠡ ᠪᠠᠶᠢᠵᠤ᠂ ᠰᠠᠭᠤᠭᠠᠯᠢ ᠠᠷᠠᠳ ᠲᠤ ᠭᠡᠷ ᠤᠨ | ᠡᠭᠦᠳᠡᠨ ᠳᠠᠬᠢ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠬᠠᠯᠠᠮᠵᠢᠯᠡᠯ ᠪᠠ ᠯᠧᠢ ᠹᠧᠩ ᠤᠨ | ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠤᠨ ᠥᠨᠴᠥᠭ ᠪᠣᠯᠤᠩ ᠪᠣᠯᠭᠠᠨ ᠳᠤ ᠳᠠᠮᠵᠢᠭᠤᠯᠵᠤ᠂ ᠨᠡᠶᠢᠭᠡᠮ | ᠲᠣᠭᠤᠷᠢᠭ ᠢ ᠦᠨᠡᠨ ᠬᠦ ᠠᠷᠠᠳ ᠤᠨ ᠡᠷᠡᠭᠦᠯ ᠡᠩᠬᠡ ᠳᠤ ᠦᠢᠯᠡᠴᠢᠯᠡᠬᠦ ᠬᠠᠯᠠᠭᠤᠨ ᠳᠤᠯᠠᠭᠠᠨ ᠦᠢᠯᠡᠳᠣᠯᠭᠡ | ᠪᠣᠯᠭᠠᠭᠰᠠᠨ ᠪᠠᠶᠢᠨ᠎ᠠ᠃ ︵ᠯᠢᠦ ᠰᠢᠨ ᠲᠢᠩ︶ |