ᠬᠠᠨᠰᠦ᠋ᠮ᠎ᠡ ᠰᠤᠮᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠦᠬᠡᠷ ᠬᠤᠨᠢᠨ ᠤ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ ᠠᠳᠬᠤᠵᠤ᠂ ᠦᠷᠭᠦᠯᠵᠢᠯᠡᠨ ᠰᠢᠯᠢᠳᠡᠭ ᠡᠭᠦᠯᠳᠡᠷ ᠢ | ᠣᠷᠣᠭᠤᠯᠤᠨ ᠠᠪᠴᠢᠷᠠᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃ | | | | | | ᠬᠠᠨᠰᠦ᠋ᠮ᠎ᠡ ᠰᠤᠮᠤ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠢᠷᠢᠨ ᠤ ᠳ᠋ᠧ | ᠰᠢᠨ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠬᠤᠸᠠ ᠤᠣ ᠺᠧ ᠰᠢᠩ | ᠺᠣᠮᠫᠠᠨᠢ ᠵᠡᠷᠭᠡ ᠠᠵᠤ ᠠᠬᠤᠶᠢᠯᠠᠯ ᠲᠠᠢ ᠲᠤᠰ ᠲᠤᠰ ᠬᠡᠯᠡᠯᠴᠡᠭᠡᠷ ᠲᠣᠭᠲᠠᠵᠤ᠂ ᠲᠡᠷᠢᠭᠦᠨ ᠤ ᠲᠡᠷᠢᠮᠠᠯ ᠤᠨ ᠮᠡᠷᠭᠡᠵᠢᠯ᠂ | ᠴᠢᠨᠠᠷ ᠰᠠᠶᠢᠲᠠᠶ ᠢᠴᠡᠭᠡᠯ ᠦᠷ᠎ᠡ ᠪᠣᠯᠤᠨ ᠸᠠᠺᠼᠢᠨ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠭᠠᠷᠤᠯᠲᠠ ᠪᠣᠯᠤᠨ | ᠮᠠᠯ ᠰᠦᠷᠦᠭ ᠤᠨ ᠶᠠᠰᠤ ᠴᠢᠨᠠᠷ ᠤᠨ ︽ᠬᠤᠤᠰ ᠦᠰᠦᠷᠦᠯᠲᠡ︾ ᠶᠢ ᠪᠡᠶᠡᠯᠡᠭᠦᠯᠪᠡ᠃ ᠣᠳᠣᠬᠠᠨ ᠳᠤ᠂ ᠨᠢᠭᠲᠠ | ᠲᠠᠷᠢᠵᠤ ᠥᠨᠳᠥᠷ ᠤᠨᠠᠯᠲᠠ ᠣᠯᠬᠤ ᠮᠡᠷᠭᠡᠵᠢᠯ ᠢ ᠬᠡᠷᠡᠭᠯᠡᠭᠰᠡᠨ ᠠᠴᠠ ᠮᠦ ᠪᠦᠷᠢ ᠶᠢᠨ ᠤᠨᠠᠯᠲᠠ ᠨᠢ 2200 | ᠵᠢᠩ ᠳᠤ ᠬᠦᠷᠴᠦ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ 500 ᠭᠠᠷᠤᠶ ᠵᠢᠩ ᠨᠡᠮᠡᠭᠳᠡᠭᠦᠯᠵᠦ︔ ᠮᠠᠯ | ᠰᠦᠷᠦᠭ ᠤᠨ ᠭᠠᠷᠭᠠᠯᠲᠠ ᠶᠢᠨ ᠲᠤᠭ᠎ᠠ ᠨᠢ ᠥᠩᠭᠡᠷᠡᠭᠰᠡᠨ ᠵᠢᠯ ᠤᠨ ᠬᠢ ᠠᠴᠠ 10% ᠪᠠᠷ ᠨᠡᠮᠡᠭᠳᠡᠭᠰᠡᠨ ᠪᠠᠶᠢᠨ᠎ᠠ᠃ | | | | | | | ᠬᠠᠨᠰᠦ᠋ᠮ᠎ᠡ ᠰᠤᠮᠤ ᠪᠠᠶᠠᠨᠬᠤᠰᠢᠭᠤ ᠭᠠᠴᠠᠭ᠎ᠠ᠂ ᠬᠤᠰᠤᠳᠤᠪᠤᠯᠠᠭ ᠭᠠᠴᠠᠭ᠎ᠠ ᠶᠢᠨ ᠴᠢᠨᠠᠷ ᠰᠠᠶᠢᠲᠠᠶ ᠠᠯᠠᠰᠢᠨ | ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢᠶᠠᠷ ᠲᠠᠪᠴᠠᠩ ᠪᠣᠯᠭᠠᠵᠤ᠂ ᠲᠤᠬᠠᠶ ᠶᠢᠨ ᠭᠠᠵᠠᠷ ᠤᠨ | ᠲᠡᠵᠢᠭᠡᠨ ᠦᠷᠡᠵᠢᠭᠦᠯᠬᠦ ᠡᠷᠦᠬᠡ ᠳᠤ ᠨᠠᠶᠢᠳᠠᠨ ᠲᠡᠵᠢᠭᠡᠯᠭᠡᠬᠦ ᠦᠢᠯᠡᠴᠢᠯᠡᠭᠡ ᠬᠠᠩᠭᠠᠪᠠ᠃ 1: 3 ᠶᠢᠨ ᠬᠠᠷᠢᠴᠠᠯ ᠤᠨ | ᠵᠠᠭᠪᠤᠷ ᠢ ᠳᠡᠯᠭᠡᠷᠡᠭᠦᠯᠵᠦ᠂ ᠳᠠᠷᠤᠶ 1 ᠲᠣᠯᠣᠭᠠᠶ ᠰᠦ ᠮᠢᠬᠠᠨ ᠤ ᠬᠤᠤᠰ ᠠᠰᠢᠭᠲᠤ ᠦᠬᠡᠷ ᠢᠶᠠᠷ 3 ᠲᠣᠯᠣᠭᠠᠶ | ᠨᠤᠲᠤᠭ ᠤᠨ ᠦᠬᠡᠷ ᠢ ᠣᠷᠣᠯᠠᠭᠤᠯᠵᠤ᠂ 1 ᠲᠣᠯᠣᠭᠠᠶ ᠠᠦ᠋ᠰᠲᠷᠠᠯᠢᠶ᠎ᠠ ᠶᠢᠨ ᠴᠠᠭᠠᠨ ᠬᠤᠨᠢ᠂ ᠱᠠᠷᠣᠯᠧ ᠬᠤᠨᠢ ᠪᠠᠷ | 3 ᠲᠣᠯᠣᠭᠠᠶ ᠨᠤᠲᠤᠭ ᠤᠨ ᠬᠤᠨᠢ ᠶᠢ ᠣᠷᠣᠯᠠᠭᠤᠯᠪᠠ᠃ ᠣᠳᠣᠬᠠᠨ ᠳᠤ᠂ ᠠᠯᠠᠰᠢᠨ ᠦᠬᠡᠷ 8000 ᠲᠣᠯᠣᠭᠠᠶ | ᠪᠠᠭᠠᠰᠴᠤ᠂ ᠬᠤᠨᠢ 2 ᠲᠦᠮᠡ ᠭᠠᠷᠤᠶ ᠲᠣᠯᠣᠭᠠᠶ ᠪᠠᠭᠠᠰᠴᠤ᠂ ᠦᠬᠡᠷ ᠬᠤᠨᠢᠨ ᠤ ᠠᠵᠤ ᠦᠢᠯᠡᠰ ᠤᠨ ᠲᠤᠭ᠎ᠠ | ᠬᠡᠮᠵᠢᠶ᠎ᠡ ᠶᠢ ᠨᠡᠮᠡᠭᠳᠡᠭᠦᠯᠬᠦ ᠬᠡᠯᠪᠡᠷᠢ ᠠᠴᠠ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠬᠦ ᠬᠡᠯᠪᠡᠷᠢ ᠲᠡᠰᠢ | ᠬᠤᠪᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ︽ᠠᠵᠤ ᠠᠬᠤᠶᠢᠯᠠᠯ + ᠭᠠᠴᠠᠭ᠎ᠠ + ᠮᠠᠯᠵᠢᠬᠤ ᠡᠷᠦᠬᠡ︾ | ᠶᠢᠨ ᠠᠷᠭ᠎ᠠ ᠮᠠᠶ᠋ᠢᠭ ᠤᠨ ᠵᠠᠭᠪᠤᠷ ᠢ ᠬᠡᠷᠡᠭᠯᠡᠵᠦ᠂ ᠠᠵᠤ ᠠᠬᠤᠶᠢᠯᠠᠯ ᠠᠴᠠ ᠪᠦᠬᠦᠯᠢ ᠡᠳᠦᠷ ᠤᠨ ᠡᠪᠡᠰᠦ | ᠪᠣᠷᠳᠤᠭ᠎ᠠ ᠶᠢ ᠬᠠᠩᠭᠠᠬᠤ᠂ ᠲᠥᠪᠯᠡᠷᠡᠭᠦᠯᠦᠨ ᠪᠣᠷᠳᠣᠬᠤ᠂ ᠵᠠᠬᠢᠶᠠᠯᠠᠨ ᠬᠤᠳᠠᠯᠳᠤᠨ ᠠᠪᠬᠤ ᠵᠡᠷᠭᠡ ᠡᠯ᠎ᠡ | ᠭᠤᠭᠴᠤᠭ᠎ᠠ ᠶᠢ ᠬᠠᠷᠢᠭᠤᠴᠠᠨ᠂ ᠲᠥᠪᠯᠡᠷᠡᠭᠦᠯᠦᠨ ᠨᠠᠶᠢᠳᠠᠨ ᠲᠡᠵᠢᠭᠡᠯᠭᠡᠭᠰᠡᠨ ᠳᠣᠷᠣᠢ ᠪᠠᠭᠤᠷᠠᠶ ᠦᠬᠡᠷ ᠢ ᠪᠣᠷᠳᠣᠨ | ᠲᠠᠷᠭᠤᠯᠠᠭᠤᠯᠵᠤ ᠪᠣᠷᠣᠯᠠᠭᠤᠯᠤᠨ᠂ ᠦᠬᠡᠷ ᠨᠢᠭᠡᠪᠦᠷᠢ ᠶᠢᠨ ᠳᠤᠮᠳᠠᠴᠢ ᠪᠣᠷᠣᠯᠠᠭᠤᠯᠭ᠎ᠠ ᠶᠢᠨ ᠦᠨ᠎ᠡ ᠬᠠᠩᠰᠢ ᠶᠢ | 1000 ᠲᠥᠭᠦᠷᠢᠭ ᠨᠡᠮᠡᠭᠳᠡᠭᠦᠯᠵᠦ᠂ ᠪᠥᠬᠦ ᠵᠢᠯ ᠳᠤ 3000 ᠭᠠᠷᠤᠶ ᠲᠣᠯᠣᠭᠠᠶ ᠦᠬᠡᠷ ᠢ ᠲᠥᠪᠯᠡᠷᠡᠭᠦᠯᠦᠨ | ᠪᠣᠷᠳᠣᠵᠤ ᠪᠣᠷᠣᠯᠠᠭᠤᠯᠤᠨ᠂ ᠲᠡᠵᠢᠭᠡᠨ ᠦᠷᠡᠵᠢᠭᠦᠯᠬᠦ ᠥᠪᠡᠷ ᠤᠨ ᠦᠷᠲᠡᠭ ᠢ ᠠᠷᠪᠢᠯᠠᠨ ᠦᠷ᠎ᠡ ᠠᠰᠢᠭ ᠢ | ᠨᠡᠮᠡᠭᠳᠡᠭᠦᠯᠬᠦ ᠪᠠ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠭᠰᠡᠨ ᠪᠠᠶᠢᠨ᠎ᠠ᠃ ︵ᠤᠷᠭᠤᠮᠠᠯ︶ | | | | |