ᠣᠷᠴᠢᠮ ᠤᠨ ᠵᠢᠯ᠂ ᠰᠠᠶᠢᠬᠠᠡᠳᠠᠯᠠ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠣᠯᠭᠡ ᠶᠢᠨ ᠭᠠᠵᠠᠷ ᠥᠷᠲᠡᠭᠡᠨ ᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠭᠤᠯᠤᠭᠳᠠᠬᠤᠨ ᠢᠶᠠᠨ | ᠭᠦᠡᠵᠡᠭᠡᠶᠢᠷᠡᠭᠦᠯᠵᠤ᠂ ᠬᠡᠯᠪᠡᠷᠢ ᠪᠠᠨ ᠪᠠᠶᠠᠯᠢᠭᠵᠢᠭᠤᠯᠵᠤ᠂ ᠠᠷᠭ᠎ᠠ ᠪᠠᠨ ᠰᠢᠨᠡᠴᠢᠯᠡᠵᠦ᠂ ᠣᠯᠠᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠢ ᠪᠦᠬᠦ ᠬᠦᠴᠦᠨ ᠢᠶᠠᠷ ᠭᠦᠡᠵᠡᠭᠡᠶᠢᠷᠡᠭᠦᠯᠤᠨ ᠪᠣᠳᠠᠳᠠᠶᠢᠵᠢᠭᠤᠯᠵᠠᠢ᠃ | | | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠠᠭᠤᠷᠢ ᠪᠠᠨ | ᠪᠠᠲᠤᠳᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ | ᠪᠣᠢ ᠪᠣᠯᠭᠠᠬᠤ ᠠᠵᠢᠯ ᠢ ᠡᠳᠦᠷ ᠲᠣᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ | ᠬᠤᠷᠢᠶᠠᠨ ᠤ ᠱᠦᠵᠢ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ | ᠠᠳᠬᠤᠬᠤ᠂ ᠡᠯ᠎ᠡ ᠭᠠᠴᠠᠭ᠎ᠠ ᠬᠠᠮᠳᠣᠷᠠᠨ ᠠᠬᠢᠭᠤᠯᠬᠤ᠂ ᠪᠦᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ | ᠬᠠᠮᠲᠤ ᠪᠠᠷ ᠣᠷᠣᠯᠴᠠᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ ᠰᠤᠮᠤ ᠶᠢᠨ ᠨᠠᠮ | ᠤᠨ ᠬᠤᠷᠢᠶᠠᠨ ᠤ ᠣᠨᠣᠯ ᠰᠤᠷᠤᠯᠴᠠᠬᠤ ᠭᠤᠤᠯᠯᠠᠬᠤ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠢᠴᠢ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠰᠢ ᠶᠢᠨ | ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠦᠨᠡᠨᠬᠦ ᠪᠠᠲᠤᠯᠠᠵᠤ᠂ ᠺᠠᠳ᠋ᠷ ᠪᠣᠯᠤᠨ ᠣᠯᠠᠨ ᠲᠦᠮᠡᠨ ᠤ ᠠᠵᠢᠯᠯᠠᠭᠠᠨ ᠤ ᠵᠢᠷᠤᠮᠵᠢᠯ ᠪᠣᠯᠤᠨ | ᠡᠳᠦᠷ ᠲᠣᠲᠤᠮ ᠤᠨ ᠠᠵᠢᠯᠯᠠᠭ᠎ᠠ ᠪᠣᠯᠭᠠᠬᠤ ᠶᠢᠨ ᠲᠤᠰᠠᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠤᠮᠤᠨ ᠤ ︽ᠭᠤᠷᠪᠠ ᠶᠢ ᠲᠣᠭᠲᠠᠭᠠᠬᠤ︾ ᠲᠥᠰᠦᠯ᠂ ᠭᠠᠴᠠᠭ᠎ᠠ | ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠬᠠᠮᠲᠤ ᠪᠠᠷ ᠳᠠᠪᠰᠢᠬᠤ ᠬᠠᠮᠲᠤ ᠶᠢᠨ | ᠲᠠᠨᠢᠯᠲᠠ ᠶᠢ ᠪᠣᠶ ᠪᠣᠯᠭᠠᠭᠰᠠᠨ ᠪᠠᠶᠢᠨ᠎ᠠ᠃ | | | | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠭᠠᠵᠠᠷ ᠥᠷᠲᠡᠭᠡᠨ ᠤ ᠰᠠᠶᠢᠨ ᠳᠤᠷ᠎ᠠ ᠶᠢᠨ | ᠠᠵᠢᠯᠯᠠᠭᠴᠢ ᠰᠤᠷᠭᠠᠭᠤᠯᠢ᠂ ᠮᠠᠯᠴᠢᠨ ᠠᠶᠢᠯ᠂ ᠠᠵᠤ ᠠᠬᠤᠶᠢᠯᠠᠯ ᠳᠤ ᠬᠦᠷᠴᠦ ᠣᠯᠠᠨ ᠲᠦᠮᠡᠨ ᠳᠤ | ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠳᠥᠭᠦᠮ ᠣᠶᠢᠯᠠᠭᠠᠮᠵᠢᠳᠠᠢ ᠬᠡᠯᠡ ᠬᠡᠯᠡᠯᠭᠡ ᠪᠠᠷ ᠨᠠᠷᠢᠯᠢᠭ | ᠬᠦᠯᠢᠴᠡᠩᠭᠦᠶ ᠪᠠᠷ ᠨᠠᠷᠢᠨ ᠲᠠᠶᠢᠯᠪᠤᠷᠢᠯᠠᠵᠦ᠂ ᠬᠡᠶᠢᠰᠪᠦᠷᠢ ᠳᠦᠷᠢᠮ ᠲᠣᠭᠲᠠᠭᠠᠯ ᠢ ᠮᠠᠯᠴᠢᠨ ᠲᠦᠮᠡᠨ ᠤ ᠠᠮᠠᠷᠬᠠᠨ | ᠣᠶᠢᠯᠠᠭᠠᠬᠤ ᠠᠮᠢᠳᠤᠷᠠᠯ ᠤᠨ ᠪᠣᠳᠠᠲᠤ ᠵᠢᠱᠢᠶ᠎ᠡ ᠪᠣᠯᠭᠠᠨ ᠬᠤᠪᠢᠷᠠᠭᠤᠯᠵᠤ᠂ ᠮᠠᠯᠴᠢᠨ ᠲᠦᠮᠡᠨ ᠳᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠨᠢ ᠡᠳᠦᠷ ᠲᠣᠲᠤᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠭᠡᠳᠡᠭ ᠢ ᠮᠡᠳᠡᠷᠡᠭᠦᠯᠪᠡ᠃ ᠤᠬᠠᠭᠤᠯᠭ᠎ᠠ ᠶᠢᠨ ᠠᠵᠢᠯᠯᠠᠭ᠎ᠠ ᠨᠢ ᠪᠠᠶᠢᠭᠤᠯᠭ᠎ᠠ᠂ ᠭᠠᠴᠠᠭ᠎ᠠ᠂ | ᠰᠤᠷᠭᠠᠭᠤᠯᠢ᠂ ᠠᠵᠤ ᠠᠬᠤᠶᠢᠯᠠᠯ ᠢ ᠬᠠᠮᠤᠷᠴᠤ᠂ ᠨᠡᠶᠢᠲᠡ 200 ᠬᠤᠪᠢ ᠤᠬᠠᠭᠤᠯᠭ᠎ᠠ ᠶᠢᠨ ᠮᠠᠲ᠋ᠧᠷᠢᠶᠠᠯ ᠢ | ᠲᠠᠷᠬᠠᠭᠠᠵᠤ᠂ 10 ᠬᠤᠪᠢ ᠤᠬᠠᠭᠤᠯᠭ᠎ᠠ ᠶᠢᠨ ᠬᠠᠭᠤᠳᠠᠰᠤ ᠨᠠᠭᠠᠪᠠ᠃ | | | | ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠵᠤ᠂ ᠡᠭᠦᠳᠦᠨ ᠪᠦᠲᠦᠭᠡᠬᠦ ᠠᠴᠢᠶᠠᠯᠠᠪᠤᠷᠢ ᠶᠢᠨ ᠰᠢᠨ᠎ᠡ ᠶᠢ | ᠡᠭᠦᠳᠪᠡ᠃ ᠲᠠᠪᠤᠨᠳᠤᠯᠣᠭᠠᠶ ᠭᠠᠴᠠᠭ᠎ᠠ ᠶᠢᠨ ᠨᠠᠮ ᠤᠨ ᠡᠭᠦᠷ ᠪᠣᠯᠤᠨ ᠲᠦᠩᠯᠢᠶᠣᠤ ᠬᠤᠲᠠ ᠶᠢᠨ ᠵᠠᠷᠤᠳ | ᠬᠤᠰᠢᠭᠤᠨ ᠤ ᠪᠠᠶᠠᠨᠲᠠᠯ᠎ᠠ ᠰᠤᠮᠤ ᠶᠢᠨ ᠫᠢᠩ ᠠᠨ ᠲᠦᠨ ᠲᠣᠰᠬᠤᠨ ᠤ ᠨᠠᠮ ᠤᠨ ᠡᠭᠦᠷ ᠬᠠᠮᠲᠤᠷᠠᠨ | ︽ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠭᠠᠷ ᠬᠤᠯᠪᠣᠨ ᠤᠳᠠ ᠲᠠᠷᠢᠵᠤ ᠭᠤᠤᠯ ᠤᠨ ᠬᠠᠰᠢᠯᠭ᠎ᠠ | ᠶᠢ ᠪᠠᠬᠢᠯᠡᠬᠦ︾ ᠪᠠᠷ ᠭᠤᠤᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠡᠷᠬᠢᠯᠡᠵᠦ᠂ 40 ᠭᠠᠷᠤᠶ ᠬᠥᠮᠦᠨ 20 ᠭᠠᠷᠤᠶ ᠮᠦ ᠭᠠᠵᠠᠷ ᠲᠤ 1.5 ᠲᠦᠮᠡ ᠭᠠᠷᠤᠶ ᠰᠠᠭᠤᠷᠢ ᠤᠳᠠ ᠮᠣᠳᠣ | ᠲᠠᠷᠢᠵᠠᠶ᠃ ᠡᠭᠦᠨ ᠠᠴᠠ ᠭᠠᠳᠠᠨ᠎ᠠ᠂ ᠪᠠᠶᠠᠨᠲᠠᠯ᠎ᠠ ᠰᠤᠮᠤ ᠲᠠᠢ ᠬᠠᠮᠲᠤᠷᠠᠨ ᠬᠢᠯᠢ ᠶᠢᠨ ᠵᠠᠭᠠᠭ ᠤᠨ ᠲᠣᠭᠲᠠᠭᠤᠨ ᠪᠠ | ᠦᠨᠳᠦᠰᠦᠲᠡᠨ ᠤ ᠪᠦᠯᠬᠦᠮᠳᠡᠯ ᠤᠨ ᠲᠤᠬᠠᠶ ᠶᠠᠷᠢᠯᠴᠠᠬᠤ ᠬᠤᠷᠠᠯ ᠢ 2 ᠤᠳᠠᠭ᠎ᠠ ᠬᠤᠷᠠᠯᠳᠤᠭᠤᠯᠵᠤ᠂ ᠬᠢᠯᠢ ᠶᠢᠨ | ᠵᠠᠭᠠᠭ ᠤᠨ ᠮᠡᠳᠡᠭᠡᠯᠡᠯ ᠪᠠ ᠨᠡᠪᠲᠡᠷᠡᠯᠴᠡᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠴᠢᠩᠭᠠᠳᠬᠠᠨ᠂ ᠬᠢᠯᠢ ᠶᠢᠨ ᠵᠠᠭᠠᠭ ᠤᠨ ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ | ᠨᠡᠶᠢᠭᠡᠮ ᠤᠨ ᠵᠠᠰᠠᠯᠲᠠ ᠶᠢᠨ ᠠᠵᠢᠯ ᠢ ᠵᠥᠪᠳᠡᠯᠴᠡᠨ ᠠᠬᠢᠭᠤᠯᠵᠤ᠂ ᠠᠮᠤᠷ ᠠᠮᠤᠭᠤᠯᠠᠩ ᠢ ᠬᠠᠮᠲᠤ ᠪᠠᠷ ᠴᠣᠭᠴᠠᠯᠠᠨ | ᠪᠠᠶᠢᠭᠤᠯᠬᠤ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠪᠠᠶᠢᠨ᠎ᠠ᠃ ︵ᠤᠷᠭᠤᠮᠠᠯ︶ |