ᠪᠠᠶ᠋ᠬᠠᠦ᠋ᠡᠳᠣᠷ ᠰᠤᠮᠤ ︽ᠯᠧᠢ ᠹᠧᠩ ᠠᠴᠠ ᠰᠤᠷᠤᠯᠴᠠᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/7
       ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠯᠢᠭᠡᠷ ᠳᠠᠭᠤᠷᠢᠶᠠᠯ ᠤᠨ ᠬᠦᠴᠦᠨ ᠢ ᠤᠯᠠᠮᠵᠢᠯᠠᠨ ᠵᠠᠯᠭᠠᠮᠵᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠰᠠᠨᠠᠭᠠᠴᠢᠯᠠᠬᠤ ᠶᠢᠨ ᠲᠥᠯᠥᠭᠡ᠂ ᠪᠠᠶ᠋ᠬᠠᠦ᠋ᠡᠳᠣᠷ ᠰᠤᠮᠤ 62 ᠳᠠᠬᠢ ︽ᠯᠧᠢ ᠹᠧᠩ ᠠᠴᠠ ᠰᠤᠷᠤᠯᠴᠠᠬᠤ ᠡᠳᠦᠷ︾᠂ ᠪᠠᠶ᠋ᠬᠠᠦ᠋ᠡᠳᠤᠷ ᠰᠤᠮᠤᠨ ᠳᠤ ︽ᠯᠧᠶ ᠹᠧᠩ ᠠᠴᠠ ᠰᠤᠷᠤᠯᠴᠠᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠣᠯᠭᠡ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭᠠᠨ ᠤ ᠠᠭᠤᠯᠬᠤᠨ ᠢ ᠲᠠᠶᠢᠯᠪᠣᠷᠢᠯᠠᠵᠠᠢ᠃
       ᠡᠨᠡᠬᠦ ᠠᠵᠢᠯᠯᠠᠭᠠᠨ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠥᠷᠲᠡᠭᠡ ᠪᠣᠯᠬᠤ ᠮᠠᠨᠢᠲᠤ ᠭᠠᠴᠠᠭ᠎ᠠ᠂ ᠬᠠᠶᠢᠯᠠᠰᠣᠳᠡᠢ ᠭᠠᠴᠠᠭ᠎ᠠ ᠪᠣᠯᠤᠨ ᠵᠢᠪᠲᠦ ᠭᠠᠴᠠᠭ᠎ᠠ ᠵᠡᠷᠭᠡ ᠭᠠᠵᠠᠷ ᠲᠤ ᠶᠠᠪᠤᠭᠳᠠᠵᠤ᠂ ᠭᠠᠭᠴᠠᠭᠠᠷ ᠰᠠᠭᠤᠭ᠎ᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠤᠯ ᠰᠡᠳᠦᠪᠲᠦ ᠲᠠᠶᠢᠯᠤᠮᠵᠢ ᠵᠡᠷᠭᠡ ᠣᠯᠠᠨ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠪᠣᠯᠪᠠᠰᠤᠨ ᠤ ᠦᠢᠯᠡᠳᠣᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠶ᠃ ᠮᠠᠨᠢᠲᠤ ᠭᠠᠴᠠᠭ᠎ᠠ ᠳᠤ᠂ ᠪᠠᠶ᠋ᠬᠠᠦ᠋ᠡᠳᠣᠷ ᠰᠤᠮᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠭᠠᠭᠴᠠᠭᠠᠷ ᠰᠠᠭᠤᠭ᠎ᠠ ᠨᠠᠰᠤᠲᠠᠨ ᠤ ᠳᠤᠮᠳᠠ ᠬᠦᠷᠴᠦ᠂ ᠨᠠᠰᠤᠲᠠᠨ ᠤ ᠪᠡᠶ᠎ᠡ ᠶᠢᠨ ᠪᠠᠶᠢᠳᠡᠯ ᠪᠣᠯᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠭᠠᠭᠴᠠᠭᠠᠷ ᠰᠠᠭᠤᠭ᠎ᠠ ᠨᠠᠰᠤᠲᠠᠨ ᠳᠤ ᠴᠡᠪᠡᠷᠯᠡᠭᠡ ᠬᠢᠵᠦ ᠥᠭᠴᠦ᠂ ᠭᠡᠷ ᠡᠷᠦᠬᠡ ᠶᠢ ᠨᠢ ᠲᠡᠭᠰᠢᠯᠡᠵᠦ᠂ ᠭᠡᠷ ᠲᠤ ᠴᠠᠬᠢᠯᠭᠠᠨ ᠭᠠᠯ ᠬᠡᠷᠡᠭᠯᠡᠬᠦ ᠠᠮᠤᠷ ᠲᠦᠪᠰᠢᠨ ᠤ ᠪᠠᠶᠢᠴᠠᠭᠠᠯᠳᠠ ᠬᠢᠵᠡᠶ᠃ ᠲᠠᠯ᠎ᠠ ᠨᠤᠲᠤᠭ ᠤᠨ ᠨᠣᠮ ᠤᠨ ᠥᠷᠥᠭᠡᠨ ᠳᠤ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠯᠧᠢ ᠹᠧᠩ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠳᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠭᠰᠠᠨ ᠪᠥᠭᠡᠳ ᠯᠧᠢ ᠹᠧᠩ ᠠᠴᠠ ᠰᠤᠷᠤᠯᠴᠠᠭᠰᠠᠨ ᠦᠯᠢᠭᠡᠷ ᠳᠠᠭᠤᠷᠢᠶᠠᠯᠲᠤ ᠭᠡᠷ ᠪᠦᠯᠢ ᠳᠤ ᠱᠠᠩᠨᠠᠯ ᠭᠠᠷᠳᠠᠭᠤᠯᠵᠠᠶ᠃
       ᠵᠢᠪᠲᠦ ᠭᠠᠴᠠᠭᠠᠨ ᠳᠤ᠂ ᠪᠠᠶᠠᠨᠪᠤᠯᠠᠭ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠢᠷᠡᠭᠰᠡᠨ ᠡᠮᠴᠢ ᠨᠡᠷ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠮᠠᠯᠴᠢᠳ ᠤᠨ ᠴᠢᠰᠤᠨ ᠳᠠᠷᠤᠯᠲᠠ ᠪᠣᠯᠤᠨ ᠴᠢᠰᠤᠨ ᠰᠢᠬᠢᠷ ᠢ ᠬᠡᠮᠵᠢᠬᠦ᠂ ᠡᠯ᠎ᠡ ᠵᠦᠢᠯ ᠤᠨ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ︽ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ︾ ᠢ ᠰᠢᠢᠳᠪᠦᠷᠢᠯᠡᠬᠦ ᠭᠡᠷ ᠪᠦᠯᠢ ᠶᠢᠨ ᠡᠮᠴᠢ ᠶᠢᠨ ᠥᠪᠡᠷᠮᠢᠴᠡ ᠭᠠᠷ ᠤᠨ ᠦᠰᠦᠭ ᠵᠢᠷᠤᠬᠤ ᠦᠢᠯᠡᠴᠢᠯᠡᠭᠡ ᠵᠡᠷᠭᠡ ᠤᠯᠤᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ ᠥᠭᠴᠡᠶ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠣᠷᠢᠯᠠᠬᠤ ᠵᠡᠷᠭᠡ ᠬᠡᠯᠪᠡᠷᠢ ᠪᠠᠷ ᠮᠠᠯᠴᠢᠳ ᠲᠤ ᠠᠮᠢᠳᠤᠷᠠᠯ ᠤᠨ ᠠᠮᠤᠷ ᠲᠦᠪᠰᠢᠨ ᠪᠣᠯᠤᠨ ᠭᠡᠷ ᠲᠡᠭᠡᠨ ᠭᠠᠯ ᠰᠡᠷᠭᠡᠶᠢᠯᠡᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠮᠠᠯᠴᠢᠳ ᠤᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃
       ᠬᠠᠶᠢᠯᠠᠰᠤᠲᠠᠶ ᠭᠠᠴᠠᠭ᠎ᠠ ᠳᠤ᠂ ᠰᠤᠮᠤ ᠶᠢᠨ ᠪᠥᠬᠦ ᠺᠠᠳ᠋ᠷ ᠭᠤᠤᠯ ᠵᠠᠮ ᠳᠠᠭᠠᠤ ᠶᠢᠨ ᠬᠤᠭ ᠨᠣᠪᠰᠢ᠂ ᠡᠯᠳᠡᠪ ᠶᠠᠭᠤᠮ᠎ᠠ ᠬᠤᠮ᠎ᠠ᠂ ᠪᠣᠬᠢᠷ ᠤᠰᠤ ᠵᠡᠷᠭᠡ ᠶᠢ ᠪᠥᠬᠦ ᠲᠠᠯ᠎ᠠ ᠪᠠᠷ ᠴᠡᠪᠡᠷᠯᠡᠵᠦ ᠵᠠᠮ ᠤᠨ ᠬᠤᠶᠠᠷ ᠲᠠᠯ᠎ᠠ ᠶᠢᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠵᠠᠶ᠃ ᠡᠭᠦᠨ ᠤ ᠵᠡᠷᠭᠡ ᠳᠤ᠂ ᠰᠤᠮᠤᠨ ᠤ 23 ᠭᠠᠴᠠᠭ᠎ᠠ ᠪᠦᠬᠦ ᠲᠠᠯ᠎ᠠ ᠪᠠᠷ ᠣᠷᠴᠢᠨ ᠠᠬᠤᠶ ᠶᠢ ᠴᠡᠭᠴᠠᠯᠡᠨ ᠵᠠᠰᠠᠵᠤ᠂ ᠣᠷᠴᠢᠨ ᠠᠬᠤᠶ ᠶᠢᠨ ᠴᠡᠪᠡᠷ ᠲᠡᠭᠰᠢ ᠪᠠᠶᠢᠬᠤ ᠶᠢ ᠬᠠᠮᠲᠤ ᠪᠠᠷ ᠬᠠᠮᠠᠭᠠᠯᠠᠪᠠ᠃
       ᠲᠤᠰ ᠤᠳᠠᠭᠠᠨ ᠤ ᠠᠵᠢᠯᠯᠠᠭ᠎ᠠ ᠨᠢ ᠮᠧᠶ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠶ ᠪᠠᠰᠠ ᠦᠨᠳᠦᠰᠦᠨ ᠱᠠᠳᠤᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠦᠨᠳᠦᠰᠦᠨ ᠱᠠᠳᠤᠨ  ᠤ ᠵᠠᠰᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠯᠸᠢ ᠹᠧᠩ ᠤᠨ ᠵᠣᠷᠢᠭ ᠰᠠᠨᠠᠭ᠎ᠠ ᠶᠢ ᠡᠳᠦᠷ ᠲᠣᠲᠤᠮ ᠤᠨ ᠠᠮᠢᠳᠤᠷᠠᠯ ᠳᠤ ᠠᠭᠤᠰᠬᠠᠨ᠂  ᠪᠠᠶᠢᠩᠭᠤ ᠶᠢᠨ ᠴᠢᠨᠠᠷᠲᠠᠶ ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠦᠭᠡᠢ ᠳᠠᠮᠵᠢᠭᠤᠯᠵᠤ ᠴᠢᠳᠠᠬᠤ ᠶᠤᠮ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号