3 ᠰᠠᠷ᠎ᠠ ᠶᠢᠨ 5 ᠤ ᠡᠳᠦᠷ᠂ ᠵᠢᠷᠠᠨ ᠬᠤᠶᠠᠳᠠᠬᠢ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ | ᠡᠳᠦᠷ ᠢ ᠲᠣᠬᠢᠶᠠᠯᠳᠤᠭᠤᠯᠤᠨ᠂ ᠠᠷᠤ ᠬᠤᠷᠴᠢᠨ ᠬᠤᠰᠢᠭᠤ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ | ᠡᠳᠦᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠤᠯ ᠰᠡᠳᠦᠪᠲᠦ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ | ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠪᠠ᠃ | | | | | ᠲᠤᠰ ᠤᠳᠠᠭᠠᠨ ᠤ ᠠᠵᠢᠯᠯᠠᠭ᠎ᠠ ᠶᠢ ᠬᠤᠰᠢᠭᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠬᠤᠰᠢᠭᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ | ᠭᠤᠤᠯᠯᠠᠨ ᠡᠷᠬᠢᠯᠡᠵᠦ᠂ ᠬᠤᠰᠢᠭᠤᠨ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ᠂ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠮᠣᠩᠭᠤᠯ ᠡᠮᠨᠡᠯᠭᠡ ᠶᠢᠨ | ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠵᠡᠷᠭᠡ ᠪᠠᠶᠢᠭᠤᠯᠭ᠎ᠠ ᠨᠢᠭᠡᠴᠡ ᠬᠠᠮᠵᠢᠨ ᠶᠠᠪᠤᠭᠳᠠᠭᠤᠯᠪᠠ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠶᠠᠩᠭᠠᠷ ᠪᠥᠵᠢᠭ ᠤᠨ ᠲᠣᠭᠯᠠᠯᠲᠠ᠂ ᠨᠠᠶᠢᠷᠠᠯ ᠳᠠᠭᠤᠤ ᠵᠡᠷᠭᠡ | ᠭᠤᠶᠢᠳᠠ ᠰᠠᠶᠢᠬᠠᠨ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠬᠦ ᠶᠢᠨ ᠬᠠᠮᠲᠤ | ᠰᠠᠶᠢᠨ ᠳᠤᠷᠠᠴᠤᠳ ᠤᠨ ᠬᠠᠷᠠᠮ ᠦᠭᠡᠶ ᠵᠣᠷᠢᠭᠤᠯᠬᠤ ᠰᠡᠳᠬᠢᠯ ᠤᠨ ᠳᠠᠭᠤᠨ ᠢ ᠳᠠᠮᠵᠢᠭᠤᠯᠪᠠ᠃ ᠯᠧᠢ ᠹᠧᠩ ᠠᠴᠠ | ᠰᠤᠷᠤᠯᠴᠠᠬᠤ ᠵᠠᠭᠤ ᠭᠠᠷᠤᠶ ᠰᠠᠶᠢᠨ ᠳᠤᠷ᠎ᠠ ᠶᠢᠨ ᠠᠵᠢᠯᠯᠠᠭᠴᠢ 30 ᠭᠠᠷᠤᠶ ᠬᠠᠶᠢᠷ᠎ᠠ ᠬᠠᠯᠠᠮᠵᠢᠲᠤ ︽ᠰᠠᠶᠢᠨ | ᠳᠤᠷ᠎ᠠ ᠶᠢᠨ ᠦᠢᠯᠡᠴᠢᠯᠡᠭᠡᠨ ᠤ ᠴᠤᠭᠯᠠᠭ᠎ᠠ︾ ᠶᠢ ᠪᠠᠶᠢᠭᠤᠯᠵᠤ᠂ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ | ᠠᠯᠪᠠᠨ ᠵᠢᠷᠤᠮ ᠤᠨ ᠡᠮᠴᠢᠯᠡᠭᠡ ᠬᠢᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠥᠷᠨᠢᠭᠦᠯᠬᠦ ᠵᠢᠴᠢ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠪᠡᠶᠡᠴᠢ ᠣᠶᠢᠯᠠᠭᠠᠯᠲᠠ ᠬᠦᠷᠲᠡᠭᠡᠬᠦ ᠵᠡᠷᠭᠡ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠪᠠ᠃ | ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠵᠠᠯᠠᠭᠤᠴᠤᠳ ᠤᠨ ᠭᠠᠪᠢᠶ᠎ᠠ | ᠪᠠᠶᠢᠭᠤᠯᠬᠤ ᠳᠤ ᠲᠤᠰᠠᠯᠠᠬᠤ ᠵᠢᠯᠣᠭᠤᠳᠤᠯᠭ᠎ᠠ᠂ ᠮᠠᠰᠢᠨ ᠬᠥᠮᠦᠨ ᠤ ᠲᠣᠭᠯᠠᠯᠲᠠ ᠪᠣᠯᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ᠂ ᠠᠮᠢ ᠨᠠᠰᠤᠨ ᠤ ᠠᠮᠤᠷ ᠲᠦᠪᠰᠢᠨ ᠤ | ᠬᠥᠮᠦᠵᠢᠯ ᠤᠨ ᠪᠡᠶᠡᠴᠢᠯᠡᠨ ᠣᠶᠢᠯᠠᠭᠠᠬᠤ ᠨᠡᠭᠦᠳᠡᠯ ᠥᠷᠲᠡᠭᠡ ᠵᠡᠷᠭᠡ ᠦᠢᠯᠡᠴᠢᠯᠡᠭᠡ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠠᠶᠢᠨ ᠳᠤᠷᠠᠴᠤᠳ ᠪᠣᠯᠤᠨ ᠣᠯᠠᠨ ᠲᠦᠮᠡᠨ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠬᠥᠷ | ᠬᠥᠭᠵᠢᠶᠡᠨᠲᠡᠶ᠂ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠪᠡᠳᠡᠭᠰᠢ | ᠠᠵᠢᠯᠯᠠᠭ᠎ᠠ ᠪᠣᠯᠤᠭᠰᠠᠨ ᠪᠠᠶᠢᠨ᠎ᠠ᠃ | | | | | | ᠲᠤᠰ ᠤᠳᠠᠭᠠᠨ ᠤ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠭᠤᠤᠯ ᠰᠡᠳᠦᠪᠲᠦ ᠰᠠᠷ᠎ᠠ ᠶᠢᠨ ᠠᠵᠢᠯᠯᠠᠭ᠎ᠠ︾ ᠨᠢ ᠠᠯᠢ ᠣᠯᠠᠨ ᠡᠯᠪᠡᠭ ᠪᠠᠶᠠᠯᠢᠭ ᠠᠭᠤᠯᠭ᠎ᠠ | ᠪᠦᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠣᠯᠠᠨ ᠲᠦᠮᠡᠨ ᠤ ᠪᠣᠳᠠᠲᠠᠶ ᠠᠰᠠᠭᠤᠳᠠᠯ ᠢ | ᠰᠢᠢᠳᠪᠦᠷᠢᠯᠡᠨ᠂ ᠥᠷᠭᠡᠨ ᠣᠯᠠᠨ ᠲᠦᠮᠡᠨ ᠬᠥᠲᠥᠯᠥᠨ ᠵᠢᠯᠣᠭᠤᠳᠴᠤ ᠵᠥᠪ ᠥᠷᠲᠡᠭ ᠤᠨ ᠦᠵᠡᠯᠲᠡ ᠲᠠᠢ | ᠪᠣᠯᠭᠠᠭᠰᠠᠨ ᠢᠶᠠᠷ ᠪᠠᠷᠠᠬᠤ ᠦᠭᠡᠢ ᠨᠠᠩ ᠴᠤ ᠯᠧᠶ ᠹᠧᠩ ᠤᠨ ᠵᠣᠷᠢᠭ ᠰᠠᠨᠠᠭ᠎ᠠ ᠶᠢ ᠡᠳᠦᠷ ᠲᠤᠲᠤᠮ ᠤᠨ ᠠᠮᠢᠳᠤᠷᠠᠯ | ᠪᠠ ᠠᠵᠢᠯ ᠳᠠᠭᠠᠨ ᠠᠭᠤᠰᠬᠠᠬᠤ ᠳᠤ ᠲᠤᠰᠠᠯᠠᠵᠤ᠂ ᠨᠡᠶᠢᠭᠡᠮ ᠳᠠᠶᠠᠭᠠᠷ ᠲᠤ ᠬᠠᠷᠢᠯᠴᠠᠨ ᠬᠠᠪᠰᠤᠷᠤᠯᠴᠠᠵᠤ᠂ | ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠂ ᠯᠧᠢ ᠹᠧᠩ ᠤᠨ ᠵᠣᠷᠢᠭ ᠰᠠᠨᠠᠭ᠎ᠠ ᠶᠢ | ᠰᠢᠨ᠎ᠡ ᠴᠠᠭ ᠦᠶ᠎ᠡ ᠳᠤ ᠨᠠᠩ ᠭᠡᠷᠡᠯ ᠰᠠᠴᠤᠷᠠᠭᠤᠯᠤᠨ ᠦᠢᠯᠡᠳᠣᠯᠭᠡᠵᠢᠭᠦᠯᠵᠠᠢ᠃ ︵ᠯᠢ ᠬᠤᠸᠠᠨ ᠢᠦᠶ᠂ ᠯᠢᠦ ᠰᠢᠨ | ᠲᠢᠩ︶ |