ᠪᠠᠶ ᠾᠧ ᠨᠡᠶᠢᠭᠡᠮ ᠲᠣᠭᠤᠷᠢᠭ ᠪᠠᠶᠠᠷ ᠳᠤᠷᠠᠰᠬᠠᠯ ᠤᠨ ᠡᠳᠦᠷ ᠢᠶᠠᠨ ᠤᠳᠬ᠎ᠠ ᠠᠭᠤᠯᠭ᠎ᠠ ᠲᠠᠢ ᠤᠭᠲᠤᠯ᠎ᠠ
ᠨᠡᠶᠢᠲᠡᠯᠡᠭᠰᠡᠨ ᠴᠠᠭ᠄
2025/3/7
       3 ᠰᠠᠷ᠎ᠠ ᠶᠢᠨ 5 ᠤ ᠡᠳᠦᠷ᠂ ᠠᠷᠤ ᠬᠤᠷᠴᠢᠨ ᠬᠤᠰᠢᠭᠤᠨ ᠤ ᠬᠠᠨ ᠠᠭᠤᠯᠠ ᠵᠡᠭᠡᠯᠢ ᠭᠤᠳᠤᠮᠵᠢ ᠶᠢᠨ ᠪᠠᠶ ᠾᠧ ᠨᠡᠶᠢᠭᠡᠮ ᠲᠣᠭᠤᠷᠢᠭ ᠨᠢ ︽3 · 5 ᠯᠸᠢ ᠹᠧᠩ ᠠᠴᠠ ᠰᠤᠷᠤᠯᠴᠠᠬᠤ ᠡᠳᠦᠷ︾ ᠤᠨ ᠰᠠᠶᠢᠨ ᠳᠤᠷ᠎ᠠ ᠶᠢᠨ ᠦᠢᠯᠡᠴᠢᠯᠡᠭᠡ ᠵᠢᠴᠢ ︽3 · 8 ᠳᠡᠯᠡᠬᠡᠶ ᠶᠢᠨ ᠡᠮᠩᠳᠠᠶᠢᠴᠣᠣᠨ ᠤᠨ ᠪᠠᠶᠠᠷ︾ ᠤᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠲᠡᠷᠢᠭᠦᠨ ᠤ ᠬᠥᠮᠦᠰ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠠᠷᠠᠳ ᠲᠤ ᠳᠥᠭᠦᠮ ᠦᠵᠡᠭᠦᠯᠬᠦ ᠴᠤᠭᠯᠠᠭ᠎ᠠ ᠮᠠᠶᠢᠮᠠᠶ᠂ ᠠᠯᠪᠠᠨ ᠵᠢᠷᠤᠮ ᠤᠨ ᠡᠮᠴᠢᠯᠡᠭᠡ ᠠᠯᠪᠠᠨ ᠵᠢᠷᠤᠮ ᠢᠶᠠᠷ ᠦᠰᠦ ᠵᠠᠰᠠᠬᠤ ᠵᠡᠷᠭᠡ ᠭᠤᠶᠢᠳᠠ ᠰᠠᠶᠢᠬᠠᠨ ᠠᠵᠢᠯᠯᠠᠭ᠎ᠠ ᠨᠢ ᠦᠶ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠶ᠃
       ᠬᠠᠨ ᠠᠭᠤᠯᠠ ᠵᠡᠭᠡᠯᠢ ᠭᠤᠳᠤᠮᠵᠢ ᠶᠢᠨ ᠪᠠᠶ ᠾᠧ ᠨᠡᠶᠢᠭᠡᠮ ᠲᠣᠭᠤᠷᠢᠭ ᠲᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠥᠩᠭᠡᠷᠡᠭᠰᠡᠨ ᠨᠢᠭᠡ ᠵᠢᠯ ᠳᠤ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠵᠤ᠂ ᠢᠯᠡᠷᠡᠯ ᠨᠢ ᠲᠣᠪᠣᠶᠢᠮ᠎ᠡ 5 ︽ᠬᠠᠮᠤᠭ  ᠤᠨ  ᠭᠤᠶᠤ  ᠰᠠᠶᠢᠨ  ᠳᠤᠷ᠎ᠠ ᠶᠢᠨ  ᠠᠵᠢᠯᠯᠠᠭᠴᠢ︾᠂  7  ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠤᠨ ᠭᠠᠷᠭᠠᠵᠤ᠂ ᠲᠡᠳᠡᠨ ᠳᠤ ᠦᠨᠡᠮᠯᠡᠯ ᠪᠠ ᠱᠠᠩᠨᠠᠯ ᠤᠨ ᠪᠣᠳᠠᠰ ᠣᠯᠭᠤᠵᠤ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠬᠠᠯᠠᠭᠤᠨ ᠤᠷᠮᠠᠰ ᠢ ᠬᠥᠭᠵᠢᠭᠡᠨ ᠡᠷᠴᠢ ᠵᠣᠷᠢᠭ ᠢ ᠬᠥᠪᠴᠢᠯᠡᠭᠰᠡᠨ ᠪᠥᠭᠡᠳ ᠣᠯᠠᠨ ᠤ ᠪᠣᠯᠪᠠᠰᠤᠨ ᠣᠶᠢᠯᠠᠭᠠᠡᠡᠳᠠᠬᠤᠨ ᠢ ᠦᠢᠯᠡᠳᠣᠯᠭᠡᠵᠢᠭᠦᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠵᠠᠶ᠃
       ᠨᠡᠶᠢᠭᠡᠮ ᠲᠣᠭᠤᠷᠢᠭ ᠤᠨ ᠬᠢᠨ ᠣᠡᠴᠠᠭᠠᠶᠢᠯᠠᠨ ᠡᠮᠩᠳᠠᠶᠢᠴᠣᠣᠨ ᠤᠨ ᠦᠯᠢᠭᠡᠷ ᠳᠠᠭᠤᠷᠢᠶᠠᠯ ᠤᠨ ᠲᠥᠯᠥᠭᠡᠯᠡᠭᠴᠢ ᠶᠢ ᠤᠷᠢᠵᠤ ᠲᠡᠳᠡᠨ ᠤ ᠦᠯᠢᠭᠡᠷ ᠪᠠ ᠠᠮᠢᠳᠤᠷᠠᠯ ᠤᠨ ᠰᠠᠶᠢᠨ ᠰᠠᠶᠢᠬᠠᠨ ᠢ ᠬᠤᠪᠢᠶᠠᠯᠴᠠᠭᠤᠯᠵᠤ᠂ ᠥᠷᠭᠡᠨ ᠣᠯᠠᠨ ᠡᠮᠩᠳᠠᠶᠢᠴᠣᠣᠨ ᠤᠨ ︽ᠪᠡᠶ᠎ᠡ ᠪᠠᠨ ᠬᠦᠨᠳᠦᠳᠬᠡᠬᠦ᠂ ᠪᠡᠶ᠎ᠡ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠪᠡᠶ᠎ᠡ ᠪᠠᠨ ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠪᠠ᠃         ︽ᠤᠯᠠᠭᠠᠨᠬᠠᠳᠠ ᠬᠤᠲᠠ ᠶᠢᠨ ᠡᠮᠩᠳᠠᠶᠢᠴᠣᠣᠨ ᠤᠨ ᠬᠤᠰᠢᠭᠤᠴᠢ︾ ᠭᠡᠬᠦ ᠢᠷᠠᠭᠤ ᠠᠯᠳᠠᠷ ᠢ ᠬᠦᠷᠲᠡᠭᠰᠡᠨ ᠮᠠ ᠶᠠᠨ ᠯᠢ ᠠᠴᠠ ᠰᠤᠷᠪᠤᠯᠵᠢᠯᠠᠭᠴᠢ ᠳᠤ ᠪᠦᠰᠡᠭᠦ᠋ᠢᠴᠦᠳ ᠪᠢᠳᠡ ᠬᠡᠦᠬᠡᠳ ᠤᠨ ᠢᠶᠠᠨ ᠡᠵᠢ᠂ ᠡᠬᠡᠨᠡᠷ᠂ ᠮᠥᠨ ᠴᠦ ᠠᠪᠤ ᠡᠵᠢ ᠶᠢᠨ ᠢᠶᠠᠨ ᠥᠬᠢᠨ ᠵᠡᠷᠭᠡ ᠬᠡᠳᠦᠨ ᠳᠦᠷᠢ ᠶᠢ ᠲᠣᠭᠯᠠᠵᠤ ᠪᠠᠶᠢᠳᠠᠭ ᠪᠢᠯᠡ᠃ ᠪᠦᠰᠡᠭᠦᠶᠢᠴᠦᠳ ᠪᠢᠳᠡ ᠳᠣᠲᠣᠭᠠᠳᠤ ᠰᠡᠳᠬᠢᠯ ᠢᠶᠠᠷ ᠢᠶᠠᠨ ᠬᠦᠴᠦᠷᠬᠡᠭ ᠶᠡᠭᠡ ᠪᠥᠭᠡᠳ ᠡᠷᠡᠰ ᠰᠢᠢᠣᠡᠮᠡᠭ᠂ ᠤᠶᠠᠨ ᠵᠥᠭᠡᠯᠡᠨ ᠪᠥᠭᠡᠳ ᠭᠡᠷᠡᠯ ᠭᠢᠯᠪᠠᠭ᠎ᠠ ᠪᠠᠨ ᠠᠯᠳᠠᠬᠤ ᠥᠬᠡᠶ ᠪᠠᠶᠢᠵᠤ᠂ ᠣᠳᠣ ᠨᠠᠩ ᠣᠯᠠᠨ ᠡᠮᠩᠳᠠᠶᠢᠴᠣᠣᠨ ᠡᠯ᠎ᠡ ᠠᠵᠢᠯ ᠲᠥᠷᠥᠯ ᠳᠤ ᠲᠥᠷᠥ ᠶᠢᠨ ᠬᠠᠭᠠᠰ ᠲᠤᠯᠭᠠᠭᠤᠷᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠨᠡᠶᠢᠲᠡ ᠳᠤ ᠡᠮᠩᠳᠠᠶᠢᠴᠣᠣᠨ ᠤᠨ ᠵᠣᠷᠢᠭ ᠰᠠᠨᠠᠭ᠎ᠠ ᠪᠣᠯᠤᠨ ᠬᠦᠴᠦᠨ ᠴᠢᠳᠠᠯ ᠢᠶᠠᠷ ᠨᠡᠶᠢᠭᠡᠮ ᠢ ᠢᠳᠡᠪᠬᠢᠲᠡᠶ ᠨᠥᠯᠥᠭᠡᠯᠡᠵᠦ ᠪᠠᠶᠢᠳᠠᠭ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠠᠶ ᠾᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠥᠷᠲᠡᠭᠡ ᠨᠢ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠨᠠᠮ ᠤᠨ ᠪᠠᠶᠢᠭᠤᠯᠤᠯᠲᠠ ᠶᠢᠨ ᠬᠤᠯᠪᠣᠭᠠᠯᠠᠨ ᠪᠠᠶᠢᠭᠤᠯᠬᠤ ᠨᠢᠭᠡᠴᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠮᠢᠩ ᠷᠧᠨ ᠡᠮᠨᠡᠯᠭᠡ ᠶᠢᠨ ᠬᠤᠷᠢᠶ᠎ᠠ᠂ ᠷᠦᠩ ᠵᠢᠶ ᠳᠠᠩ ᠡᠮ ᠤᠨ ᠫᠦᠰᠡ ᠵᠡᠷᠭᠡ ᠲᠠᠢ ᠬᠠᠮᠲᠤᠷᠠᠵᠤ᠂ ᠰᠠᠭᠤᠭᠠᠯᠢ ᠠᠷᠠᠳ ᠲᠤ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ ᠴᠢᠳᠠᠪᠤᠷᠢᠲᠠᠨ ᠤ ᠠᠵᠢᠯ ᠣᠯᠭᠤᠯᠲᠠ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠬᠠᠶᠢᠷ᠎ᠠ ᠬᠠᠯᠠᠮᠵᠢ ᠠᠯᠪᠠᠨ ᠵᠢᠷᠤᠮ ᠤᠨ ᠡᠮᠴᠢᠯᠡᠭᠡ᠂ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠵᠡᠷᠭᠡ 7 ᠲᠥᠷᠥᠯ ᠤᠨ ᠪᠣᠯᠪᠠᠰᠤᠨ ᠤ ᠦᠢᠯᠡᠳᠣᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠠᠪᠴᠢᠷᠠᠭᠰᠠᠨ ᠪᠠᠶᠢᠨ᠎ᠠ᠃ ᠲᠤᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠢ ᠳᠤ ᠡᠮ ᠤᠨ ᠵᠦᠢᠯᠡᠰ ᠢ ᠬᠦᠷᠭᠡᠬᠦ᠂ ᠴᠢᠰᠤᠨ ᠳᠠᠷᠤᠯᠲᠠ ᠶᠢᠨ ᠬᠡᠮᠵᠢᠭᠦᠷ ᠪᠠ ᠡᠯᠧᠺᠲᠷᠣᠨ ᠵᠢᠩᠯᠡᠭᠦᠷ᠂ ᠦᠰᠦ ᠵᠠᠰᠠᠬᠤ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ ᠪᠠᠰᠠ ᠡᠮᠩᠳᠠᠶᠢᠴᠣᠣᠨ ᠤᠨ ᠡᠷᠬᠡ ᠠᠰᠢᠭ ᠢ ᠬᠠᠮᠠᠭᠠᠯᠠᠬᠤ ᠲᠠᠶᠢᠯᠣᠮᠵᠢ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠤᠰᠤᠨ ᠤ ᠬᠠᠤᠯᠢ ᠵᠢᠴᠢ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠮᠡᠳᠡᠯᠭᠡ ᠶᠢᠨ ᠤᠬᠠᠭᠤᠯᠭ᠎ᠠ ᠰᠤᠷᠲᠠᠯᠴᠢᠯᠠᠭ᠎ᠠ ᠬᠢᠪᠡ  ᠃ᠮᠠᠰᠢ ᠣᠯᠠᠨ ᠰᠠᠭᠤᠭᠠᠯᠢ ᠠᠷᠠᠳ ᠴᠤᠭᠯᠠᠭ᠎ᠠ ᠮᠠᠢᠮᠠᠶ ᠪᠠᠷ ᠶᠠᠪᠤᠵᠤ᠂ ᠥᠪᠡᠷ ᠤᠨ ᠱᠠᠭᠠᠷᠳᠠᠯᠭ᠎ᠠ ᠪᠠᠨ ᠦᠨᠳᠦᠰᠦᠯᠡᠨ ᠬᠠᠷᠠᠭᠠᠯᠵᠠᠭᠰᠠᠨ ᠦᠢᠯᠡᠴᠢᠯᠡᠭᠡ ᠶᠢ ᠡᠷᠢᠨ᠎ᠡ᠂ ᠤᠯᠠᠭᠠᠨ ᠣᠣᠵᠢ ᠲᠠᠢ ᠰᠠᠶᠢᠨ ᠳᠤᠷ᠎ᠠ ᠶᠢᠨ ᠦᠢᠯᠡᠴᠢᠯᠡᠭᠴᠢᠳ ᠡᠯ᠎ᠡ ᠳᠡᠯᠭᠡᠭᠡ ᠮᠠᠶᠢᠮᠠᠢ ᠶᠢᠨ ᠬᠤᠭᠤᠷᠣᠨᠳᠣ ᠠᠰᠠᠭᠤᠨ ᠯᠠᠪᠯᠠᠬᠤ ᠪᠤᠶᠤ ᠲᠤᠬᠠᠶ ᠶᠢᠨ  ᠲᠠᠯᠠᠪᠠᠢ ᠶᠢᠨ  ᠡᠮᠬᠢ  ᠳᠢᠭᠯᠢᠮ ᠢ  ᠬᠠᠮᠠᠭᠠᠯᠠᠬᠤ  ᠳᠤ  ᠬᠠᠪᠰᠤᠷᠤᠯᠭ᠎ᠠ  ᠦᠵᠡᠭᠦᠯᠵᠦ  ᠪᠠᠶᠢᠯ᠎ᠠ᠃
       ᠠᠵᠢᠯᠯᠠᠭ᠎ᠠ ᠶᠢᠨ ᠲᠤᠬᠠᠶ ᠶᠢᠨ ᠡᠳᠦᠷ᠂ ᠪᠠᠶ ᠾᠧ ᠨᠡᠶᠢᠭᠡᠮ ᠲᠣᠭᠤᠷᠢᠭ ᠤᠨ ᠵᠢᠤᠸᠠᠨ ᠵᠢᠦᠸᠠᠨ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ ᠦᠨᠳᠦᠰᠦᠲᠡᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠢᠷᠡᠵᠦ᠂ ᠣᠨᠴᠠ ᠬᠦᠴᠢᠷᠳᠡᠯᠲᠡᠶ ᠰᠤᠷᠤᠭᠴᠢᠳ ᠲᠤ ᠣᠶᠤᠨ ᠢ ᠨᠡᠭᠡᠭᠡᠭᠳᠡᠭᠦᠯᠬᠦ ᠲᠣᠭᠯᠠᠭᠠᠮ᠂ ᠪᠢᠴᠢᠭ ᠤᠨ ᠬᠡᠷᠡᠭᠰᠡᠯ ᠵᠡᠷᠭᠡ ᠰᠤᠷᠤᠯᠭ᠎ᠠ ᠶᠢᠨ ᠬᠡᠷᠡᠭᠰᠡᠯ ᠬᠦᠷᠭᠡᠭᠰᠡᠨ ᠪᠥᠭᠡᠳ ᠰᠠᠨᠠᠭᠠᠴᠢᠯᠠᠭ᠎ᠠ ᠠᠴᠠ ᠪᠠᠨ ᠬᠡᠦᠬᠡᠳ ᠤᠳ ᠲᠠᠢ ᠵᠣᠭᠤᠭᠳᠠᠨ᠂ ᠬᠠᠮᠲᠤ ᠪᠠᠷ ᠲᠣᠭᠯᠠᠵᠤ᠂ ᠲᠡᠳᠡᠨ ᠤ ᠰᠤᠷᠤᠯᠭ᠎ᠠ ᠪᠠ ᠠᠮᠢᠳᠤᠷᠠᠯ ᠤᠨ ᠪᠠᠶᠢᠳᠡᠯ ᠢ ᠬᠠᠯᠠᠮᠵᠢᠯᠠᠭᠰᠠᠨ ᠪᠠᠶᠢᠨ᠎ᠠ᠃ ︽ᠪᠢ ᠰᠤᠷᠤᠯᠭ᠎ᠠ ᠶᠢ ᠲᠡᠳᠬᠦᠬᠦ ᠠᠵᠢᠯᠯᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠣᠷᠣᠯᠴᠠᠵᠤ᠂ ᠬᠦᠴᠢᠷᠳᠡᠯᠲᠡᠶ ᠬᠡᠦᠬᠡᠳ ᠴᠢᠳᠠᠯ ᠤᠨ ᠬᠢᠷᠢ ᠪᠠᠷ ᠢᠶᠠᠨ ᠬᠠᠪᠰᠤᠷᠤᠨ᠎ᠠ᠂ ᠡᠭᠦᠨ ᠤ ᠬᠠᠮᠲᠤ ᠪᠢ ᠪᠠᠰᠠ ᠡᠭᠦᠨ ᠤ ᠳᠤᠮᠳᠠ ᠠᠴᠠ ᠬᠠᠷᠠᠮ ᠥᠬᠡᠶ ᠵᠣᠷᠢᠭᠤᠯᠬᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭᠠᠨ ᠤ ᠠᠭᠤᠯᠬᠤᠨ ᠢ ᠣᠶᠢᠯᠠᠭᠠᠵᠤ᠂ ᠡᠭᠦᠨ ᠢᠶᠠᠷ ᠳᠠᠮᠵᠢᠭᠤᠯᠤᠨ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠦᠷᠭᠦᠯᠵᠢᠯᠠᠨ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠵᠤ ᠴᠢᠳᠠᠨ᠎ᠠ︾ ᠭᠡᠵᠦ ᠰᠠᠶᠢᠨ ᠳᠤᠷ᠎ᠠ ᠶᠢᠨ ᠠᠵᠢᠯᠯᠠᠭᠴᠢ ᠸᠠᠩ ᠸᠧᠨ ᠾᠧ ᠬᠡᠯᠡᠨ᠎ᠡ᠃ ︵ ᠶᠢᠨ ᠵᠦ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号