ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠬᠤᠨᠵᠢᠪᠤᠷᠢᠳᠦ | ᠰᠤᠭᠤᠯᠤᠭ᠎ᠠ ᠤ ᠵᠠᠬ᠎ᠠ ᠲᠡᠯᠭᠡᠭᠦᠷ ᠤᠨ ᠬᠦᠭᠵᠢᠯᠳᠡ ᠶᠢ ᠲᠦᠷᠢᠮᠵᠢᠭᠦᠯᠦᠨ᠂ ᠬᠤᠨᠵᠢᠪᠤᠷᠢᠳᠦ ᠰᠤᠭᠤᠯᠤᠭ᠎ᠠ ᠤ ᠵᠠᠬ᠎ᠠ | ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠵᠦ᠂ ᠬᠤᠨᠵᠢᠪᠤᠷᠢᠳᠦ ᠰᠤᠭᠤᠯᠤᠭ᠎ᠠ ᠳᠤ ᠤᠷᠤᠯᠴᠠᠭᠴᠢ ᠶᠢᠨ ᠬᠠᠦᠯᠢ | ᠶᠣᠰᠣᠨ ᠤ ᠡᠷᠭᠡ ᠠᠰᠢᠭ ᠢ ᠬᠠᠮᠠᠭᠠᠯᠠᠨ᠂ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ | ᠠᠬᠢᠭᠤᠯᠬᠤ ᠶᠢᠨ ᠲᠦᠯᠦᠭᠡ ᠲᠤᠰ ᠲᠦᠷᠢᠮ ᠢ ᠲᠤᠭᠳᠠᠭᠠᠪᠠ᠃ | ᠬᠤᠶᠠᠳᠤᠭᠠᠷ ᠵᠤᠷᠪᠤᠰ ᠲᠤᠰ ᠲᠦᠷᠢᠮ ᠳᠤ ᠵᠢᠭᠠᠭᠰᠠᠨ ᠬᠤᠨᠵᠢᠪᠤᠷᠢᠳᠦ ᠰᠤᠭᠤᠯᠤᠭ᠎ᠠ ᠪᠤᠯ ᠤᠯᠤᠰ ᠠᠴᠠ | ᠨᠡᠶᠢᠭᠡᠮ ᠨᠡᠶᠢᠳᠡ ᠶᠢᠨ ᠠᠰᠠᠷᠠᠮᠵᠢ ᠶᠢᠨ ᠪᠡᠯᠡ ᠮᠦᠩᠭᠦ ᠬᠤᠷᠠᠮᠳᠤᠭᠤᠯᠵᠦ᠂ ᠨᠡᠶᠢᠭᠡᠮ ᠨᠡᠶᠢᠳᠡ ᠶᠢᠨ ᠠᠰᠠᠷᠠᠮᠵᠢ ᠶᠢᠨ | ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠦᠯᠦᠭᠡ ᠤᠨᠴᠠ ᠵᠦᠪᠰᠢᠶᠡᠷᠡᠨ ᠲᠠᠷᠬᠠᠭᠠᠭᠰᠠᠨ᠂ ᠬᠠᠦᠯᠢ | ᠶᠤᠰᠤᠭᠠᠷ ᠪᠤᠷᠤᠯᠠᠭᠤᠯᠤᠨ ᠬᠤᠳᠠᠯᠳᠤᠵᠦ᠂ ᠡᠷᠭᠡᠳᠦ ᠠᠷᠠᠳ ᠰᠠᠶᠢᠨ ᠲᠤᠷ᠎ᠠ ᠠᠴᠠ ᠪᠠᠨ ᠬᠤᠳᠠᠯᠳᠤᠨ ᠠᠪᠴᠦ᠂ | ᠲᠤᠰᠬᠠᠢ ᠲᠦᠷᠢᠮ ᠤᠨ ᠲᠠᠭᠠᠦ ᠱᠠᠩᠨᠠᠯ ᠤᠯᠬᠤ ᠵᠠᠪᠰᠢᠶᠠᠨ ᠪᠦᠬᠦᠢ ᠭᠡᠷᠡᠴᠢ ᠪᠠᠷᠢᠮᠳᠠ ᠪᠤᠯᠤᠨ᠎ᠠ᠃ ᠬᠤᠨᠵᠢᠪᠤᠷᠢᠳᠦ | ᠰᠤᠭᠤᠯᠤᠭ᠎ᠠ ᠪᠤᠯ ᠡᠬᠡ ᠮᠥᠩᠭᠦ ᠶᠢ ᠪᠤᠴᠠᠭᠠᠬᠤ ᠦᠭᠡᠢ᠂ ᠬᠦᠦ ᠮᠦᠩᠭᠦ ᠪᠤᠳᠤᠵᠦ ᠦᠭᠭᠦ ᠦᠭᠡᠢ᠃ | ᠭᠤᠷᠪᠠᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠠᠴᠠ ᠠᠰᠠᠷᠠᠮᠵᠢ ᠶᠢᠨ ᠬᠤᠨᠵᠢᠪᠤᠷᠢᠳᠤ | ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠶᠢ ᠤᠨᠴᠠ ᠵᠦᠪᠰᠢᠶᠡᠷᠡᠨ ᠲᠠᠷᠬᠠᠭᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠵᠦᠪᠰᠢᠶᠡᠷᠡᠯ ᠦᠭᠡᠢ ᠪᠠᠷ ᠪᠤᠰᠤᠳ ᠬᠤᠨᠵᠢᠪᠤᠷᠢᠳᠦ | ᠰᠤᠭᠤᠯᠤᠭ᠎ᠠ ᠶᠢ ᠲᠠᠷᠬᠠᠭᠠᠬᠤ ᠶᠢ ᠬᠤᠷᠢᠭᠯᠠᠨ᠎ᠠ᠃ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ | ᠲᠤᠳᠤᠷ᠎ᠠ ᠬᠢᠯᠢ ᠶᠢᠨ ᠭᠠᠳᠠᠨᠠᠬᠢ ᠬᠤᠨᠵᠢᠪᠤᠷᠢᠳᠦ ᠰᠤᠭᠤᠯᠤᠭ᠎ᠠ ᠶᠢ ᠲᠠᠷᠬᠠᠭᠠᠨ ᠬᠤᠳᠠᠯᠳᠤᠬᠤ ᠶᠢ ᠬᠤᠷᠢᠭᠯᠠᠨ᠎ᠠ᠃ | ᠲᠦᠷᠪᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ ᠶᠢᠨ ᠲᠠᠷᠬᠠᠭᠠᠬᠤ᠂ ᠪᠤᠷᠤᠯᠠᠭᠤᠯᠵᠦ ᠬᠤᠳᠠᠯᠳᠤᠬᠤ | ᠪᠤᠯᠤᠨ ᠱᠠᠩᠨᠠᠯ ᠨᠡᠭᠡᠭᠡᠬᠦ ᠨᠢ ᠢᠯᠡ ᠲᠤᠳᠦ᠂ ᠡᠷᠭᠡ ᠲᠡᠭᠰᠢ᠂ ᠲᠦᠪ ᠭᠤᠤᠯᠴᠢ ᠪᠠ ᠦᠨᠡᠨᠴᠢ ᠢᠳᠡᠭᠡᠮᠵᠢᠳᠡᠢ | ᠵᠠᠷᠴᠢᠮ ᠢ ᠵᠢᠷᠤᠮᠯᠠᠬᠤ ᠬᠡᠷᠡᠭᠳᠡᠢ᠃ | ᠲᠠᠪᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ | ᠪᠦᠬᠦ ᠤᠯᠤᠰ ᠤᠨ ᠬᠤᠨᠵᠢᠪᠤᠷᠢᠳᠦ ᠰᠣᠭᠤᠯᠤᠭ᠎ᠠ ᠶᠢᠨ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠲᠠᠭᠠᠦ ᠪᠦᠬᠦ | ᠤᠯᠤᠰ ᠤᠨ ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠤ | ᠬᠠᠮᠢᠶᠠᠷᠤᠯᠳᠠ ᠶᠢᠨ ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶᠠᠳᠤ ᠬᠤᠳᠠ ᠶᠢᠨ ᠠᠷᠠᠳ ᠤᠨ ᠵᠠᠰᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤᠰ ᠵᠠᠰᠠᠭ | ᠵᠠᠬᠢᠷᠭᠠᠨ ᠤ ᠤᠷᠤᠨ ᠨᠤᠳᠤᠭ ᠤᠨ ᠬᠤᠨᠵᠢᠪᠤᠷᠢᠳᠦ ᠰᠣᠭᠤᠯᠤᠭ᠎ᠠ ᠤ ᠬᠢᠨᠠᠨ ᠬᠠᠮᠢᠶᠠᠷᠤᠯᠳᠠ ᠶᠢᠨ ᠠᠵᠢᠯ ᠢ | ᠬᠠᠷᠢᠭᠤᠴᠠᠨ᠎ᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠲᠠᠭᠠᠦ ᠲᠤᠰ ᠵᠠᠰᠠᠭ ᠵᠠᠬᠢᠷᠭᠠᠨ ᠤ ᠤᠷᠤᠨ | ᠨᠤᠳᠤᠭ ᠤᠨ ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠤ | ᠬᠠᠮᠢᠶᠠᠷᠤᠯᠳᠠ ᠶᠢᠨ ᠠᠵᠢᠯ ᠢ ᠲᠤᠰ ᠲᠤᠰ ᠬᠠᠷᠢᠭᠤᠴᠠᠨ᠎ᠠ᠃ | ᠰᠢᠶᠠᠨ ᠤ ᠱᠠᠳᠣᠨ ᠠᠴᠠ ᠲᠡᠭᠡᠭᠰᠢᠬᠢ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠪᠤᠯᠤᠨ ᠰᠢᠶᠠᠨ ᠤ ᠱᠠᠳᠣᠨ ᠠᠴᠠ ᠲᠡᠭᠡᠭᠰᠢᠬᠢ ᠠᠵᠦ ᠦᠢᠯᠡᠳᠪᠦᠷᠢ ᠬᠤᠳᠠᠯᠳᠤᠭᠠᠨ ᠤ | ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠠᠴᠠ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠳᠤ ᠬᠠᠦᠯᠢ ᠪᠤᠰᠦ ᠬᠤᠵᠢᠪᠤᠷᠢᠳᠤ ᠰᠤᠭᠤᠯᠤᠭ᠎ᠠ ᠶᠢ ᠬᠠᠦᠯᠢ ᠶᠢᠨ ᠲᠠᠭᠠᠦ ᠪᠠᠶᠢᠴᠠᠭᠠᠨ ᠰᠢᠢᠳᠭᠡᠵᠦ᠂ | ᠬᠤᠨᠵᠢᠪᠤᠷᠢᠳᠦ ᠰᠣᠭᠤᠯᠤᠭ᠎ᠠ ᠤ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃ | ᠬᠤᠶᠠᠳᠤᠭᠠᠷ ᠪᠦᠯᠦᠭ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠤᠯᠤᠨ ᠪᠤᠷᠤᠯᠠᠭᠤᠯᠵᠦ ᠬᠤᠳᠠᠯᠳᠤᠬᠤ | ᠬᠠᠮᠢᠶᠠᠷᠤᠯᠳᠠ | ᠵᠢᠷᠭᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠦᠯᠢ ᠶᠤᠰᠤᠭᠠᠷ ᠪᠠᠶᠢᠭᠤᠯᠤᠭᠰᠠᠨ | ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠪᠡᠶ᠎ᠡ ᠶᠢᠨ ᠲᠠᠮᠢᠷ ᠤᠨ ᠬᠤᠨᠵᠢᠪᠤᠷᠢᠳᠤ | ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ | ᠭᠡᠵᠦ ᠲᠦᠭᠦᠮᠴᠢᠯᠡᠨ᠎ᠡ︶ ᠨᠢ ᠪᠦᠬᠦ ᠤᠯᠤᠰ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ | ᠲᠠᠮᠢᠷ ᠤᠨ ᠬᠤᠨᠵᠢᠪᠤᠷᠢᠳᠤ ᠰᠣᠭᠤᠯᠤᠭ᠎ᠠ ᠶᠢᠨ ᠲᠠᠷᠬᠠᠭᠠᠬᠤ ᠪᠠ ᠵᠤᠬᠢᠶᠠᠨ ᠪᠠᠶᠢᠭᠤᠯᠵᠦ ᠪᠤᠷᠤᠯᠠᠭᠤᠯᠵᠦ ᠬᠤᠳᠠᠯᠳᠤᠬᠤ | ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ ᠦᠪᠡᠷᠳᠡᠭᠡᠨ ᠵᠠᠰᠠᠬᠤ ᠤᠡᠤᠨ᠂ ᠰᠢᠭᠤᠳ ᠬᠠᠷᠢᠶᠠᠳᠤ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠦᠯᠢ ᠶᠤᠰᠤᠭᠠᠷ ᠪᠠᠶᠢᠭᠤᠯᠤᠭᠰᠠᠨ ᠠᠰᠠᠷᠠᠮᠵᠢ ᠶᠢᠨ | ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠯᠮᠵᠢ᠂ ᠪᠡᠶ᠎ᠡ ᠶᠢᠨ ᠲᠠᠮᠢᠷ ᠤᠨ ᠬᠤᠨᠵᠢᠪᠤᠷᠢᠳᠤ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ | ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠭᠡᠵᠦ ᠲᠦᠭᠦᠮᠴᠢᠯᠡᠨ᠎ᠡ︶ ᠨᠢ ᠲᠤᠰ ᠵᠠᠰᠠᠭ ᠵᠠᠬᠢᠷᠭᠠᠨ ᠤ ᠤᠷᠤᠨ | ᠨᠤᠳᠤᠭ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ | ᠪᠤᠷᠤᠯᠠᠭᠤᠯᠵᠦ ᠬᠤᠳᠠᠯᠳᠤᠬᠤ ᠠᠵᠢᠯ ᠢ ᠲᠤᠰ ᠲᠤᠰ ᠬᠠᠷᠢᠭᠤᠴᠠᠨ᠎ᠠ᠃ | ᠲᠤᠯᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠠᠰᠠᠷᠠᠮᠵᠢ ᠶᠢᠨ | ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠣᠭᠤᠯᠤᠭ᠎ᠠ ᠶᠢᠨ ᠪᠤᠳᠠᠳᠠᠢ ᠲᠦᠷᠦᠯ ᠵᠦᠢᠯ | ︵ᠲᠤᠷᠤᠭᠰᠢ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠬᠡᠵᠦ ᠲᠦᠭᠦᠮᠴᠢᠯᠡᠨ᠎ᠡ︶ ᠢ ᠨᠡᠭᠡᠭᠡᠬᠦ᠂ | ᠵᠤᠭᠰᠤᠭᠠᠬᠤ ᠶᠢ ᠭᠤᠶᠤᠴᠢᠯᠠᠬᠤ ᠪᠤᠶᠤ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠬᠢᠨᠠᠨ | ᠵᠦᠪᠰᠢᠶᠡᠷᠡᠭᠦᠯᠬᠦ ᠵᠦᠢᠯᠡᠰ ᠢ ᠬᠤᠪᠢᠷᠭᠠᠬᠤ ᠶᠢ ᠭᠤᠶᠤᠴᠢᠯᠠᠬᠤ ᠢ ᠲᠤᠰ ᠲᠦᠷᠢᠮ ᠳᠤ ᠲᠤᠭᠳᠠᠭᠠᠭᠰᠠᠨ ᠶᠠᠪᠤᠴᠠ ᠶᠢᠨ | ᠲᠠᠭᠠᠦ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ | ᠵᠦᠪᠰᠢᠶᠡᠷᠡᠭᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ | ᠬᠤᠨᠵᠢᠪᠤᠷᠢᠳᠤ ᠰᠣᠭᠤᠯᠤᠭ᠎ᠠ ᠶᠢᠨ ᠵᠠᠬ᠎ᠠ ᠲᠡᠯᠭᠡᠭᠦᠷ ᠤᠨ ᠡᠷᠡᠭᠦᠯ ᠢᠶᠠᠷ ᠬᠦᠭᠵᠢᠬᠦ ᠬᠡᠷᠡᠭᠴᠡᠭᠡ ᠶᠢ ᠦᠨᠳᠦᠰᠦᠯᠡᠵᠦ᠂ | ᠬᠤᠨᠵᠢᠪᠤᠷᠢᠳᠤ ᠰᠣᠭᠤᠯᠤᠭ᠎ᠠ ᠶᠢᠨ ᠵᠠᠬ᠎ᠠ ᠲᠡᠯᠭᠡᠭᠦᠷ ᠪᠤᠯᠤᠨ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ | ᠪᠦᠳᠦᠴᠡ ᠶᠢ ᠵᠦᠢ ᠵᠤᠬᠢᠰᠳᠠᠢ ᠪᠠᠷ ᠲᠦᠯᠦᠪᠵᠢᠭᠦᠯᠬᠦ᠂ ᠬᠤᠨᠵᠢᠪᠤᠷᠢᠳᠤ ᠰᠣᠭᠤᠯᠤᠭ᠎ᠠ ᠶᠢᠨ ᠠᠶᠤᠯ ᠲᠦᠭᠰᠢᠭᠦᠷᠢ ᠶᠢ | ᠴᠢᠩᠭ᠎ᠠ ᠡᠵᠡᠮᠰᠢᠬᠦ ᠵᠠᠷᠴᠢᠮ ᠤᠨ ᠲᠠᠭᠠᠦ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ | ᠭᠤᠶᠤᠴᠢᠯᠠᠯ ᠳᠤ ᠬᠢᠨᠠᠨ ᠪᠠᠶᠢᠴᠠᠭᠠᠯᠳᠠ ᠬᠢᠨ᠎ᠡ᠃ | ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠨᠢ ᠬᠤᠨᠵᠢᠪᠤᠷᠢᠳᠤ | ᠰᠣᠭᠤᠯᠤᠭ᠎ᠠ ᠶᠢᠨ ᠲᠦᠷᠦᠯ ᠵᠦᠢᠯ ᠨᠡᠬᠡᠬᠡᠭᠦ ᠶᠢ ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠢᠨᠠᠵᠦ ᠬᠠᠷᠭᠤᠯᠤᠨ ᠵᠦᠪᠰᠢᠶᠡᠷᠡᠭᠦᠯᠵᠦ᠂ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠲᠠᠷᠠᠭᠠᠬᠢ ᠭᠤᠶᠤᠴᠢᠯᠠᠯ ᠤᠨ ᠮᠠᠲ᠋ᠧᠷᠢᠶᠠᠯ ᠢ | ᠲᠤᠰᠢᠶᠠᠨ᠎ᠠ᠄ | ︵ᠨᠢᠭᠡ︶ ᠭᠤᠶᠤᠴᠢᠯᠠᠯ ᠤᠨ ᠪᠢᠴᠢᠭ︔ | ︵ᠬᠤᠶᠠᠷ︶ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠲᠦᠷᠢᠮ︔ | ︵ᠭᠤᠷᠪᠠ︶ ᠲᠠᠷᠬᠠᠭᠠᠬᠤ ᠬᠡᠯᠪᠡᠷᠢ᠂ ᠲᠠᠷᠬᠠᠭᠠᠬᠤ ᠬᠦᠷᠢᠶ᠎ᠡ ᠬᠡᠪᠴᠢᠶ᠎ᠡ︔ | ︵ᠲᠦᠷᠪᠡ︶ ᠵᠠᠬ᠎ᠠ ᠲᠡᠯᠭᠡᠭᠦᠷ ᠤᠨ ᠵᠠᠳᠠᠯᠤᠯᠳᠠ ᠶᠢᠨ ᠮᠡᠳᠡᠭᠦᠯᠦᠯᠳᠡ ᠵᠢᠴᠢ ᠮᠡᠷᠭᠡᠵᠢᠯ ᠤᠨ ᠬᠡᠷᠡᠭᠵᠢᠭᠦᠯᠵᠦ | ᠪᠤᠯᠬᠤ ᠵᠠᠳᠠᠯᠤᠯᠳᠠ ᠶᠢᠨ ᠮᠡᠳᠡᠭᠦᠯᠦᠯᠳᠡ︔ | ︵ᠲᠠᠪᠤ︶ ᠱᠠᠩᠨᠠᠯ ᠨᠡᠭᠡᠭᠡᠬᠦ᠂ ᠱᠠᠩᠨᠠᠯ ᠤᠯᠭᠤᠬᠤ ᠠᠵᠢᠯᠯᠠᠭᠠᠨ ᠤ ᠲᠦᠷᠢᠮ︔ | ︵ᠵᠢᠷᠭᠤᠭ᠎ᠠ︶ ᠠᠶᠤᠯ ᠲᠦᠭᠰᠢᠭᠦᠷᠢ ᠶᠢ ᠡᠵᠡᠮᠰᠢᠬᠦ ᠲᠦᠰᠦᠯ᠃ ᠲᠦᠷᠦ ᠶᠢᠨ ᠶᠠᠪᠤᠳᠠᠯ ᠤᠨ ᠬᠤᠷᠢᠶᠠᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠬᠦᠯᠢᠶᠡᠨ ᠠᠪᠴᠦ ᠰᠢᠢᠳᠪᠦᠷᠢᠯᠡᠭᠰᠡᠨ ᠠᠴᠠ ᠡᠬᠢᠯᠡᠨ 90 ᠠᠵᠢᠯ ᠤᠨ | ᠡᠳᠦᠷ ᠤᠨ ᠲᠤᠳᠤᠷ᠎ᠠ᠂ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯᠳᠠ᠂ ᠪᠠᠳᠤᠯᠠᠬᠤ ᠬᠤᠷᠠᠯ ᠵᠡᠷᠭᠡ ᠠᠷᠭ᠎ᠠ | ᠬᠡᠯᠪᠡᠷᠢ ᠪᠠᠷ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠢ ᠨᠡᠭᠡᠭᠡᠬᠦ ᠲᠠᠯ᠎ᠠ ᠪᠠᠷ ᠨᠡᠶᠢᠭᠡᠮ ᠤᠨ ᠰᠠᠨᠠᠯ ᠢ | ᠰᠤᠨᠤᠰᠴᠦ᠂ ᠭᠤᠶᠤᠴᠢᠯᠠᠯ ᠳᠤ ᠬᠢᠨᠠᠨ ᠪᠠᠶᠢᠴᠠᠭᠠᠯᠳᠠ ᠬᠢᠵᠦ ᠪᠢᠴᠢᠭ ᠤᠨ ᠰᠢᠢᠳᠪᠦᠷᠢ ᠭᠠᠷᠭᠠᠨ᠎ᠠ᠃ | ᠶᠢᠰᠦᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ | ᠰᠤᠭᠤᠯᠤᠭ᠎ᠠ ᠤ ᠲᠦᠷᠦᠯ ᠵᠦᠢᠯ ᠤᠨ ᠲᠦᠷᠢᠮ᠂ ᠲᠠᠷᠬᠠᠭᠠᠬᠤ ᠬᠡᠯᠪᠡᠷᠢ᠂ ᠲᠠᠷᠬᠠᠭᠠᠬᠤ ᠬᠡᠪᠴᠢᠶ᠎ᠡ ᠢ ᠦᠭᠡᠷᠡᠴᠢᠯᠡᠬᠦ | ᠵᠡᠷᠭᠡ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠵᠦᠢᠯᠡᠰ ᠢ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠦᠭᠡᠷᠡᠴᠢᠯᠡᠬᠦ ᠵᠦᠢᠯ ᠲᠠᠢ | ᠬᠠᠮᠢᠶᠠᠳᠠᠢ ᠮᠠᠲ᠋ᠧᠷᠢᠶᠠᠯ ᠢᠶᠠᠨ ᠲᠤᠰᠢᠶᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠭᠰᠡᠨ ᠡᠳᠦᠷ ᠠᠴᠠ ᠡᠬᠢᠯᠡᠨ 45 ᠠᠵᠢᠯ ᠤᠨ ᠡᠳᠦᠷ ᠤᠨ | ᠲᠤᠳᠤᠷ᠎ᠠ᠂ ᠭᠤᠶᠤᠴᠢᠯᠠᠯ ᠳᠤ ᠬᠢᠨᠠᠨ ᠪᠠᠶᠢᠴᠠᠭᠠᠯᠳᠠ ᠬᠢᠵᠦ᠂ ᠪᠢᠴᠢᠭ ᠤᠨ ᠰᠢᠢᠳᠪᠦᠷᠢ ᠭᠠᠷᠭᠠᠨ᠎ᠠ᠃ | ᠠᠷᠪᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ | ᠰᠣᠭᠤᠯᠤᠭ᠎ᠠ ᠶᠢᠨ ᠲᠦᠷᠦᠯ ᠵᠦᠢᠯ ᠢ ᠵᠤᠭᠰᠤᠭᠠᠬᠤ ᠶᠢ ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠪᠢᠴᠢᠭ ᠤᠨ ᠭᠤᠶᠤᠴᠢᠯᠠᠯ ᠭᠠᠷᠭᠠᠨ | ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠢ ᠵᠤᠭᠰᠤᠭᠠᠬᠤ ᠲᠠᠢ ᠬᠠᠮᠢᠶᠠᠳᠠᠢ ᠮᠠᠲ᠋ᠧᠷᠢᠶᠠᠯ ᠢᠶᠠᠨ ᠲᠤᠰᠢᠶᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠭᠤᠶᠤᠴᠢᠯᠠᠯ ᠢ ᠬᠦᠯᠢᠶᠡᠨ ᠠᠪᠴᠦ | ᠰᠢᠢᠳᠪᠦᠷᠢᠯᠡᠭᠰᠡᠨ ᠠᠴᠠ ᠡᠬᠢᠯᠡᠨ 10 ᠠᠵᠢᠯ ᠤᠨ ᠡᠳᠦᠷ ᠤᠨ ᠲᠤᠳᠤᠷ᠎ᠠ ᠭᠤᠶᠤᠴᠢᠯᠠᠯ ᠢ ᠬᠢᠨᠠᠨ ᠪᠠᠶᠢᠴᠠᠭᠠᠵᠦ | ᠪᠢᠴᠢᠭ ᠤᠨ ᠰᠢᠢᠳᠪᠦᠷᠢ ᠭᠠᠷᠭᠠᠨ᠎ᠠ᠃ | ᠠᠷᠪᠠᠨ ᠨᠢᠭᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠢ ᠨᠡᠭᠡᠭᠡᠬᠦ᠂ ᠵᠤᠭᠰᠤᠭᠠᠬᠤ | ᠪᠤᠶᠤ ᠬᠤᠨᠵᠢᠪᠤᠷᠢᠳᠦ ᠰᠤᠭᠤᠯᠤᠭ᠎ᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠬᠤ | ᠵᠦᠪᠰᠢᠶᠡᠷᠡᠯ ᠤᠯᠤᠭᠰᠠᠨ ᠤ ᠲᠠᠷᠠᠭ᠎ᠠ᠂ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠨᠢ | ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠨᠡᠭᠡᠭᠡᠬᠦ᠂ ᠬᠤᠪᠢᠷᠭᠠᠬᠤ᠂ ᠵᠤᠭᠰᠤᠭᠠᠬᠤ ᠠᠴᠠ 10 | ᠪᠠᠶᠢᠭᠠᠯᠢ ᠶᠢᠨ ᠡᠳᠦᠷ ᠤᠨ ᠡᠮᠦᠨ᠎ᠡ ᠬᠤᠯᠪᠤᠭᠳᠠᠯ ᠪᠦᠭᠦᠢ ᠮᠡᠳᠡᠭᠡ ᠵᠠᠩᠭᠢ ᠶᠢ ᠨᠡᠶᠢᠭᠡᠮ ᠳᠤ ᠵᠠᠷᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠤᠷᠪᠤᠰ ᠨᠡᠶᠢᠭᠡᠮ ᠨᠡᠶᠢᠳᠡ ᠶᠢᠨ ᠠᠰᠢᠭ ᠲᠤᠰᠠ ᠶᠢ ᠬᠠᠮᠠᠭᠠᠯᠠᠬᠤ ᠱᠠᠭᠠᠷᠳᠠᠯᠭ᠎ᠠ ᠠᠴᠠ | ᠪᠤᠯᠤᠭᠰᠠᠨ ᠪᠠᠴᠢᠮ ᠪᠠᠶᠢᠳᠠᠯ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠨᠢ ᠴᠢᠬᠤᠯᠠ ᠠᠷᠭ᠎ᠠ ᠬᠡᠮᠵᠢᠶ᠎ᠡ ᠠᠪᠴᠦ᠂ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠤᠨ ᠬᠢᠨᠠᠨ | ᠵᠦᠪᠰᠢᠶᠡᠷᠡᠬᠦ ᠵᠦᠢᠯᠡᠰ ᠢ ᠬᠤᠪᠢᠷᠭᠠᠬᠤ ᠪᠤᠶᠤ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠢ ᠵᠤᠭᠰᠤᠭᠠᠬᠤ ᠶᠢ | ᠰᠢᠢᠳᠴᠦ ᠪᠤᠯᠤᠨ᠎ᠠ᠃ | ᠠᠷᠪᠠᠨ ᠭᠤᠷᠪᠠᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠵᠠᠰᠠᠭ ᠤᠨ ᠤᠷᠳᠤᠨ ᠤ ᠬᠤᠳᠠᠯᠳᠤᠨ ᠠᠪᠬᠤ | ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠶᠤᠰᠤᠭᠠᠷ ᠪᠠᠷᠢᠮᠵᠢᠶ᠎ᠠ ᠳᠤ ᠨᠡᠶᠢᠴᠡᠭᠰᠡᠨ | ᠬᠤᠨᠵᠢᠪᠤᠷᠢᠳᠦ ᠰᠣᠭᠤᠯᠤᠭ᠎ᠠ ᠶᠢᠨ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡ ᠬᠤᠳᠠᠯᠳᠤᠨ ᠠᠪᠬᠤ | ᠬᠡᠷᠡᠭᠳᠡᠢ᠃ ᠬᠤᠨᠵᠢᠪᠤᠷᠢᠳᠦ ᠰᠣᠭᠤᠯᠤᠭ᠎ᠠ ᠶᠢᠨ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡᠨ ᠤ | ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ | ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠤᠯᠤᠰ ᠤᠨ ᠬᠤᠯᠪᠤᠭᠳᠠᠯ ᠪᠦᠬᠦᠢ ᠪᠠᠷᠢᠮᠵᠢᠶᠠᠵᠢᠭᠤᠯᠬᠤ | ᠬᠠᠦᠯᠢ ᠴᠠᠭᠠᠵᠠ᠂ ᠵᠠᠰᠭ ᠵᠠᠬᠢᠷᠭᠠᠨ ᠤ ᠬᠠᠦᠯᠢ ᠲᠤᠭᠳᠠᠭᠠᠯ ᠤᠨ ᠲᠠᠭᠠᠦ ᠲᠤᠭᠳᠠᠭᠠᠨ᠎ᠠ᠃ | ᠠᠷᠪᠠᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠠᠶᠤᠯ ᠲᠦᠭᠰᠢᠭᠦᠷᠢ ᠶᠢᠨ ᠬᠠᠮᠢᠶᠠᠷᠤᠯᠳᠠ ᠶᠢᠨ | ᠲᠤᠭᠳᠠᠯᠴᠠᠭ᠎ᠠ ᠪᠠ ᠰᠡᠵᠢᠭᠳᠡᠢ ᠪᠡᠯᠡ ᠮᠦᠩᠭᠦᠨ ᠤ ᠮᠡᠳᠡᠭᠦᠯᠦᠯᠳᠡ ᠶᠢᠨ ᠲᠦᠷᠢᠮ ᠢ ᠪᠠᠶᠢᠭᠤᠯᠵᠦ᠂ ᠬᠤᠨᠵᠢᠪᠤᠷᠢᠳᠦ | ᠰᠣᠭᠤᠯᠤᠭ᠎ᠠ ᠶᠢᠨ ᠲᠠᠷᠬᠠᠭᠠᠬᠤ ᠪᠠ ᠪᠤᠷᠤᠯᠠᠭᠤᠯᠵᠦ ᠬᠤᠳᠠᠯᠳᠤᠬᠤ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ | ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ | ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠵᠦ ᠬᠤᠳᠠᠯᠳᠤᠬᠤ ᠰᠢᠰᠲ᠋ᠧᠮ ᠤᠨ | ᠲᠤᠭ᠎ᠠ ᠪᠠᠷᠢᠮᠳᠠ ᠶᠢᠨ ᠬᠠᠮᠢᠶᠠᠷᠤᠯᠳᠠ᠂ ᠱᠠᠩᠨᠠᠯ ᠨᠡᠭᠡᠭᠡᠬᠦ ᠪᠠ ᠤᠯᠭᠤᠬᠤ ᠬᠠᠮᠢᠶᠠᠷᠤᠯᠳᠠ ᠵᠢᠴᠢ ᠬᠤᠨᠵᠢᠪᠤᠷᠢᠳᠦ | ᠰᠣᠭᠤᠯᠤᠭ᠎ᠠ ᠶᠢᠨ ᠪᠡᠯᠡ ᠮᠦᠩᠭᠦᠨ ᠤ ᠲᠦᠪᠯᠡᠷᠡᠭᠦᠯᠦᠨ ᠬᠠᠮᠢᠶᠠᠷᠤᠯᠳᠠ ᠶᠢ ᠬᠠᠷᠢᠭᠤᠴᠠᠨ᠎ᠠ᠂ ᠦᠭᠡᠷ᠎ᠡ ᠪᠤᠰᠤᠳ ᠲᠤ | ᠨᠠᠶᠢᠳᠠᠨ ᠬᠠᠮᠢᠶᠠᠷᠠᠭᠤᠯᠵᠦ ᠪᠤᠯᠬᠤ ᠦᠭᠡᠢ᠃ | ᠠᠷᠪᠠᠨ ᠲᠠᠪᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠪᠠᠶᠢᠭᠤᠯᠭ᠎ᠠ ᠪᠤᠶᠤ ᠬᠤᠪᠢ ᠬᠦᠮᠦᠨ ᠢ ᠨᠠᠶᠢᠳᠠᠵᠦ᠂ | ᠬᠤᠨᠵᠢᠪᠤᠷᠢᠳᠦ ᠰᠤᠭᠤᠯᠤᠭ᠎ᠠ ᠶᠢ ᠤᠷᠤᠯᠠᠨ ᠬᠤᠳᠠᠯᠳᠤᠭᠤᠯᠵᠦ ᠪᠤᠯᠤᠨ᠎ᠠ᠃ ᠬᠤᠨᠵᠢᠪᠤᠷᠢᠳᠦ ᠰᠤᠭᠤᠯᠤᠭ᠎ᠠ | ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ | ᠨᠠᠶᠢᠳᠠᠯᠭ᠎ᠠ ᠬᠦᠯᠢᠶᠡᠭᠰᠡᠨ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠲᠠᠢ ᠤᠷᠤᠯᠠᠨ ᠬᠤᠳᠠᠯᠳᠤᠬᠤ | ᠭᠡᠷ᠎ᠡ ᠲᠤᠭᠳᠠᠬᠤ ᠬᠡᠷᠡᠭᠳᠡᠢ᠃ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ | ᠬᠤᠨᠵᠢᠪᠤᠷᠢᠳᠦ ᠰᠣᠭᠤᠯᠤᠭ᠎ᠠ ᠶᠢᠨ ᠤᠷᠤᠯᠠᠨ ᠬᠤᠳᠠᠯᠳᠤᠬᠤ ᠭᠡᠷ᠎ᠡ ᠶᠢᠨ ᠬᠡᠪ ᠲᠤᠪᠬᠢᠮᠠᠯ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠲᠤᠰ ᠲᠤᠰ ᠲᠤᠭᠳᠠᠭᠠᠨ᠎ᠠ᠃ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠠᠴᠠ | ᠦᠭᠡᠷ᠎ᠡ ᠪᠤᠰᠤᠳ ᠢ ᠨᠠᠶᠢᠳᠠᠵᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠵᠦ ᠪᠤᠯᠬᠤ ᠦᠭᠡᠢ᠃ | ᠠᠷᠪᠠᠨ ᠵᠢᠷᠭᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠳᠤ ᠬᠤᠨᠵᠢᠪᠤᠷᠢᠳᠤ ᠰᠤᠭᠤᠯᠤᠭ᠎ᠠ | ᠠᠪᠬᠤ ᠲᠤᠰᠬᠠᠢ ᠲᠦᠭᠦᠭᠡᠷᠦᠮᠵᠢ ᠲᠤᠭᠢᠷᠠᠭᠤᠯᠵᠦ ᠦᠭᠭᠦ ᠭᠡᠷᠡᠭᠳᠡᠢ᠃ ᠬᠤᠨᠵᠢᠪᠤᠷᠢᠳᠤ ᠰᠤᠭᠤᠯᠤᠭ᠎ᠠ ᠠᠪᠬᠤ | ᠲᠤᠰᠬᠠᠢ ᠲᠦᠭᠦᠭᠡᠷᠦᠮᠵᠢ ᠨᠢ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠳᠤ | ᠬᠠᠷᠢᠶᠠᠯᠠᠭᠳᠠᠨ᠎ᠠ᠂ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠠᠴᠠ ᠲᠡᠭᠦᠨ ᠢ ᠵᠢᠭᠡᠯᠡᠭᠦᠯᠵᠦ᠂ | ᠲᠦᠷᠢᠶᠡᠰᠠᠯᠡᠭᠦᠯᠵᠦ᠂ ᠬᠤᠳᠠᠯᠳᠦᠵᠦ ᠪᠤᠯᠬᠤ ᠦᠭᠡᠢ᠃ | ᠠᠷᠪᠠᠨ ᠲᠤᠯᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ᠂ | ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠤᠨ ᠪᠠᠶᠢᠷᠢᠯᠠᠭᠤᠯᠤᠯᠳᠠ ᠶᠢ ᠨᠢᠭᠡᠳᠦᠯᠳᠡᠢ | ᠲᠦᠯᠦᠪᠯᠡᠨ ᠲᠦᠯᠦᠪᠵᠢᠭᠦᠯᠬᠦ ᠬᠡᠷᠡᠭᠳᠡᠢ᠃ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠨᠢ | ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠨᠢᠭᠡᠳᠦᠯᠲᠡᠢ ᠱᠠᠭᠠᠷᠳᠠᠯᠭ᠎ᠠ ᠶᠢᠨ ᠳᠠᠭᠠᠦ᠂ | ᠬᠤᠨᠵᠢᠪᠤᠷᠢᠳᠤ ᠰᠤᠭᠤᠯᠤᠭ᠎ᠠ ᠬᠤᠳᠠᠯᠳᠤᠬᠤ ᠲᠤᠳᠤᠷᠬᠠᠶᠢᠯᠠᠯᠳᠠ ᠶᠢᠨ ᠲᠡᠮᠳᠡᠭ ᠶᠢ ᠲᠤᠬᠢᠷᠠᠭᠤᠯᠵᠦ᠂ ᠰᠡᠷᠡᠮᠵᠢᠯᠡᠯ ᠤᠨ | ᠤᠷᠢᠶ᠎ᠠ ᠶᠢ ᠨᠠᠭᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠤᠷᠤᠯᠠᠨ | ᠬᠤᠳᠠᠯᠳᠤᠭᠴᠢ ᠨᠢ ᠲᠠᠷᠠᠭᠠᠬᠢ ᠠᠵᠢᠯᠯᠠᠭ᠎ᠠ ᠶᠢ ᠬᠢᠵᠦ ᠪᠤᠯᠬᠤ ᠦᠬᠡᠢ᠄ ︵ᠨᠢᠭᠡ︶ ᠬᠤᠳᠠᠯ ᠬᠠᠭᠤᠷᠮᠠᠭᠴᠢ᠂ ᠪᠤᠷᠤᠭᠤ | ᠵᠢᠯᠤᠭᠤᠳᠬᠤ ᠴᠢᠨᠠᠷᠳᠠᠢ ᠤᠬᠠᠭᠤᠯᠬᠤ︔ ︵ᠬᠤᠶᠠᠷ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ | ᠠᠷᠭ᠎ᠠ ᠠᠪᠴᠠᠯ ᠢᠶᠠᠷ ᠵᠦᠢ ᠪᠤᠰᠦ ᠪᠠᠷ ᠦᠷᠢᠰᠦᠯᠳᠦᠬᠦ︔ ︵ᠭᠤᠷᠪᠠ︶ ᠨᠠᠰᠤᠨ ᠳᠤ ᠦᠯᠦ ᠬᠦᠷᠦᠭᠰᠡᠳ ᠲᠤ | ᠬᠤᠨᠵᠢᠪᠤᠷᠢᠳᠤ ᠰᠤᠭᠤᠯᠤᠭ᠎ᠠ ᠬᠤᠳᠠᠯᠳᠤᠬᠤ︔ ︵ᠲᠦᠷᠪᠡ︶ ᠱᠡᠭᠡᠯᠡᠨ ᠪᠤᠷᠤᠯᠠᠭᠤᠯᠬᠤ ᠪᠤᠶᠤ ᠢᠳᠡᠭᠡᠮᠵᠢ ᠶᠢᠨ | ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠬᠤᠳᠠᠯᠳᠤᠬᠤ᠃ | ᠠᠷᠪᠠ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠶᠢ ᠤᠰᠠᠳᠬᠠᠬᠤ ᠴᠢᠬᠤᠯᠠᠲᠠᠢ ᠪᠤᠯ᠂ | ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠳᠠ ᠲᠤᠤᠷ᠎ᠠ ᠤᠰᠠᠳᠬᠠᠨ᠎ᠠ᠃ | | |