ᠬᠤᠨᠵᠢᠪᠤᠷᠢᠳᠦ ᠰᠤᠭᠤᠯᠤᠭ᠎ᠠ ᠶᠢᠨ ᠬᠠᠮᠢᠶᠠᠷᠤᠯᠳᠠ ᠶᠢᠨ ᠲᠦᠷᠢᠮ  ︵ᠬᠤᠶᠠᠷ︶
ᠨᠡᠶᠢᠲᠡᠯᠡᠭᠰᠡᠨ ᠴᠠᠭ᠄
2025/3/7
     ᠭᠤᠷᠪᠠᠳᠤᠭᠠᠷ ᠪᠦᠯᠦᠭ ᠬᠤᠨᠵᠢᠪᠤᠷᠢᠳᠦ ᠰᠤᠭᠤᠯᠤᠭ᠎ᠠ ᠤ ᠱᠠᠩᠨᠠᠯ ᠨᠡᠭᠡᠭᠡᠬᠦ ᠪᠠ ᠱᠠᠩᠨᠠᠯ ᠤᠯᠭᠤᠬᠤ ᠬᠠᠮᠢᠶᠠᠷᠤᠯᠳᠠ      ᠬᠤᠷᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠦᠷᠢᠮ ᠪᠤᠯᠤᠨ ᠱᠠᠩᠨᠠᠯ ᠨᠡᠬᠡᠬᠡᠬᠦ ᠠᠵᠯᠯᠠᠭᠠᠨ ᠤ ᠲᠦᠷᠢᠮ ᠤᠨ ᠲᠠᠭᠠᠦ ᠱᠠᠩᠨᠠᠯ ᠨᠡᠭᠡᠭᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠤᠨᠵᠢᠪᠤᠷᠢᠳᠤ ᠰᠣᠭᠤᠯᠤᠭ᠎ᠠ ᠶᠢᠨ ᠱᠠᠩᠨᠠᠯ ᠨᠡᠭᠡᠭᠡᠬᠦ ᠬᠦᠳᠡᠯᠭᠡᠭᠡᠨ ᠳᠤ ᠬᠢᠨᠡᠯᠳᠠ ᠲᠠᠯᠪᠢᠬᠤ ᠪᠠᠨ ᠴᠢᠩᠭᠠᠳᠬᠠᠵᠦ᠂ ᠬᠤᠨᠵᠢᠪᠤᠷᠢᠳᠦ ᠰᠣᠭᠤᠯᠤᠭ᠎ᠠ ᠶᠢᠨ ᠱᠠᠩᠨᠠᠯ ᠨᠡᠭᠡᠭᠡᠬᠦ ᠳᠤ ᠢᠯᠡ ᠲᠤᠳᠤ᠂ ᠲᠦᠪ ᠭᠤᠤᠯᠴᠢ ᠶᠢ ᠪᠠᠳᠤᠯᠠᠨ᠎ᠠ᠃      ᠬᠤᠷᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠦᠮᠵᠢ ᠨᠢ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢᠨ ᠪᠦᠷᠢᠨ ᠪᠦᠳᠦᠨ᠂ ᠵᠦᠪ ᠤᠨᠤᠪᠴᠢᠳᠠᠢ ᠪᠤᠯᠤᠨ ᠠᠮᠤᠷ ᠲᠦᠪᠰᠢᠨ ᠢ ᠪᠠᠳᠤᠯᠠᠨ᠎ᠠ᠃ ᠲᠤᠰ ᠬᠤᠭᠤᠴᠠᠭᠠᠨ ᠤ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠪᠢᠳᠡᠭᠦᠮᠵᠢᠯᠡᠨ ᠬᠠᠳᠠᠭᠠᠯᠠᠭᠰᠠᠨ ᠠᠴᠠ ᠱᠠᠩᠨᠠᠯ ᠨᠡᠭᠡᠭᠡᠬᠦ ᠬᠦᠳᠡᠯᠭᠡᠭᠡᠨ ᠲᠠᠭᠤᠰᠬᠤ ᠬᠦᠷᠳᠡᠯ᠎ᠡ᠂ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠡᠷᠢᠵᠦ ᠦᠵᠡᠵᠦ᠂ ᠬᠤᠪᠢᠷᠭᠠᠬᠤ ᠪᠤᠶᠤ ᠤᠰᠠᠳᠬᠠᠵᠦ ᠪᠤᠯᠬᠤ ᠦᠭᠡᠢ᠃      ᠬᠤᠷᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ ᠪᠠᠶᠢᠭᠤᠯᠤᠮᠵᠢ ᠠᠴᠠ ᠱᠠᠩᠨᠠᠯ ᠨᠡᠭᠡᠭᠡᠬᠦ ᠲᠦᠭᠦᠭᠡᠷᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠱᠠᠩᠨᠠᠯ ᠨᠡᠭᠡᠭᠡᠬᠦ ᠲᠦᠭᠦᠭᠡᠷᠦᠮᠵᠢ ᠶᠢᠨ ᠬᠡᠪ ᠤᠨ ᠠᠵᠯᠯᠠᠬᠤ ᠶᠢ ᠪᠠᠳᠤᠯᠠᠵᠦ᠂ ᠪᠠᠰᠠ ᠱᠠᠩᠨᠠᠯ ᠨᠡᠭᠡᠭᠡᠬᠦ ᠪᠡᠯᠡᠳᠭᠡᠯ ᠲᠦᠭᠦᠭᠡᠷᠦᠮᠵᠢ ᠶᠢ ᠲᠤᠬᠢᠷᠠᠭᠤᠯᠬᠤ ᠬᠡᠷᠡᠭᠳᠡᠢ᠃      ᠬᠤᠷᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ ᠪᠠᠶᠢᠭᠤᠯᠤᠮᠵᠢ ᠠᠴᠠ ᠬᠤᠭᠤᠴᠠᠭ᠎ᠠ ᠪᠦᠷᠢ ᠶᠢᠨ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠤᠯᠳᠠ ᠲᠠᠭᠤᠰᠤᠭᠰᠠᠨ ᠤ ᠲᠠᠷᠠᠭ᠎ᠠ᠂ ᠲᠤᠰ ᠬᠤᠭᠤᠴᠠᠭᠠᠨ ᠤ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠤᠭᠰᠠᠨ ᠪᠠᠶᠢᠳᠠᠯ ᠪᠤᠯᠤᠨ ᠱᠠᠩᠨᠠᠯ ᠨᠡᠭᠡᠭᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ ᠳᠤ ᠨᠡᠶᠢᠳᠡᠯᠡᠬᠦ ᠭᠡᠷᠡᠭᠳᠡᠢ᠃      ᠬᠤᠷᠢᠨ ᠲᠠᠪᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠳᠤ ᠱᠠᠩᠨᠠᠯ ᠤᠯᠤᠭᠴᠢ ᠨᠢ ᠱᠠᠩᠨᠠᠯ ᠨᠡᠭᠡᠭᠡᠭᠰᠡᠨ ᠡᠳᠦᠷ ᠠᠴᠠ ᠡᠬᠢᠯᠡᠨ 60 ᠪᠠᠶᠢᠭᠠᠯᠢ ᠶᠢᠨ ᠡᠳᠦᠷ ᠤᠨ ᠲᠤᠳᠤᠷ᠎ᠠ᠂ ᠱᠠᠩᠨᠠᠯ ᠣᠯᠣᠭᠰᠠᠨ ᠬᠤᠨᠵᠢᠪᠤᠷᠢᠳᠤ ᠰᠤᠭᠤᠯᠤᠭ᠎ᠠ ᠪᠠᠨ ᠠᠪᠤᠭᠠᠳ ᠲᠤᠭᠳᠠᠭᠰᠠᠨ ᠭᠠᠵᠠᠷ ᠲᠤ ᠬᠦᠷᠴᠦ ᠱᠠᠩᠨᠠᠯ ᠢᠶᠠᠨ ᠲᠤᠰᠤᠨ᠎ᠠ᠂ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠤᠭᠳᠠᠭᠠᠯ ᠳᠤ ᠪᠡᠶ᠎ᠡ ᠶᠢᠨ ᠦᠨᠡᠮᠯᠡᠬᠦ ᠪᠠᠨ ᠭᠠᠷᠭᠠᠬᠤ ᠴᠢᠬᠤᠯᠠᠳᠠᠢ ᠭᠡᠰᠡᠨ   ᠪᠤᠯ᠂ ᠲᠤᠰ ᠬᠦᠮᠦᠨ ᠤ ᠪᠡᠶ᠎ᠡ ᠶᠢᠨ ᠦᠨᠡᠮᠯᠡᠬᠦ ᠪᠠᠨ ᠭᠠᠷᠭᠠᠬᠤ ᠭᠡᠷᠡᠭᠳᠡᠢ᠃ ᠬᠤᠭᠤᠴᠠᠭ᠎ᠠ ᠨᠢ ᠬᠡᠳᠦᠷᠡᠵᠦ ᠱᠠᠩᠨᠠᠯ ᠢᠶᠠᠨ ᠲᠤᠰᠤᠬᠤ ᠦᠭᠡᠢ ᠪᠤᠯ ᠱᠠᠩᠨᠠᠯ ᠢᠶᠠᠨ ᠲᠠᠶᠠᠭᠳᠠᠭᠰᠠᠨ ᠢᠶᠠᠷ ᠦᠵᠡᠨ᠎ᠡ᠃ ᠬᠠᠭᠤᠷᠮᠠᠭ ᠢᠶᠠᠷ      ᠵᠤᠬᠢᠶᠠᠭᠰᠠᠨ᠂ ᠬᠤᠪᠢᠷᠠᠭᠤᠯᠵᠦ ᠦᠢᠯᠡᠳᠦᠭᠰᠡᠨ ᠬᠤᠨᠵᠢᠪᠤᠷᠢᠳᠦ ᠰᠤᠭᠤᠯᠤᠭ᠎ᠠ ᠶᠢ ᠬᠡᠷᠡᠭᠯᠡᠵᠦ ᠱᠠᠩᠨᠠᠯ ᠲᠤᠰᠬᠤ ᠶᠢ ᠬᠤᠷᠢᠭᠯᠠᠨ᠎ᠠ᠃      ᠬᠤᠷᠢᠨ ᠵᠢᠷᠭᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠠᠴᠠ ᠬᠤᠨᠵᠢᠪᠤᠷᠢᠳᠤ ᠰᠣᠭᠤᠯᠤᠭ᠎ᠠ ᠶᠢᠨ ᠲᠦᠷᠦᠯ ᠵᠦᠢᠯ ᠤᠨ ᠲᠦᠷᠢᠮ ᠪᠠ ᠱᠠᠩᠨᠠᠯ ᠣᠯᠭᠤᠬᠤ ᠠᠵᠢᠯᠯᠠᠭᠠᠨ ᠤ ᠲᠦᠷᠢᠮ ᠤᠨ ᠲᠠᠭᠠᠦ ᠱᠠᠩᠨᠠᠯ ᠤᠯᠭᠤᠨ᠎ᠠ᠃ ᠬᠤᠨᠵᠢᠪᠤᠷᠢᠳᠤ ᠰᠣᠭᠤᠯᠤᠭ᠎ᠠ ᠶᠢᠨ ᠱᠠᠩᠨᠠᠯ ᠤᠨ ᠮᠦᠩᠭᠦ ᠶᠢ ᠠᠷᠠᠳ ᠤᠨ ᠵᠤᠭᠤᠰ ᠪᠠᠷ ᠪᠡᠯᠡᠨ ᠮᠦᠩᠭᠦ ᠪᠤᠶᠤ ᠪᠡᠯᠡᠨ ᠮᠦᠩᠭᠦᠨ ᠤ ᠪᠠᠷᠢᠮᠳᠠ ᠪᠠᠷ ᠨᠢᠭᠡᠯᠡ ᠣᠳᠠᠭ᠎ᠠ ᠳᠤ ᠰᠤᠯᠢᠵᠦ ᠦᠭᠭᠦᠨ᠎ᠡ᠃ ᠨᠠᠰᠤᠨ ᠳᠤ ᠦᠯᠦ ᠬᠦᠷᠦᠭᠰᠡᠳ ᠲᠤ ᠱᠠᠩᠨᠠᠯ ᠤᠯᠭᠤᠬᠤ ᠦᠭᠡᠢ᠃      ᠬᠤᠷᠢᠨ ᠳᠣᠯᠣᠳᠣᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ᠂ ᠬᠤᠨᠵᠢᠪᠤᠷᠢᠳᠦ ᠰᠣᠭᠤᠯᠤᠭ᠎ᠠ ᠤᠷᠤᠯᠠᠨ ᠬᠤᠳᠠᠯᠳᠤᠭᠴᠢ ᠵᠢᠴᠢ ᠪᠤᠰᠤᠳ ᠲᠤᠬᠠᠶᠢᠯᠠᠭᠰᠠᠨ ᠠᠵᠢᠯ ᠪᠤᠶᠤ ᠲᠤᠰᠢᠶᠠᠯ ᠤᠨ ᠲᠠᠰᠢᠷᠠᠮ ᠢᠶᠠᠷ ᠱᠠᠩᠨᠠᠯ ᠤᠯᠤᠭᠴᠢ ᠶᠢᠨ ᠬᠤᠪᠢ ᠬᠦᠮᠦᠨ ᠤ ᠮᠡᠳᠡᠭᠡ ᠵᠠᠩᠬᠢ ᠶᠢ ᠮᠡᠳᠡᠪᠡᠯ᠂ ᠱᠠᠩᠨᠠᠯ ᠤᠯᠤᠭᠴᠢ ᠶᠢᠨ ᠮᠡᠳᠡᠭᠡ ᠵᠠᠩᠬᠢ ᠶᠢᠨ ᠨᠢᠭᠤᠴᠠ ᠶᠢ ᠬᠠᠮᠠᠭᠠᠯᠠᠬᠤ ᠭᠡᠷᠡᠭᠳᠡᠢ᠃      ᠲᠦᠷᠪᠡᠳᠦᠭᠡᠷ ᠪᠦᠯᠦᠭ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦ ᠶᠢᠨ ᠬᠠᠮᠢᠶᠠᠷᠤᠯᠳᠠ      ᠬᠤᠷᠢᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦᠨ ᠳᠤ ᠬᠤᠨᠵᠢᠪᠤᠷᠢᠳᠦ ᠰᠤᠭᠤᠯᠤᠭ᠎ᠠ ᠤ ᠱᠠᠩᠨᠠᠯ ᠤᠨ ᠮᠦᠩᠭᠦ᠂ ᠬᠤᠨᠵᠢᠪᠤᠷᠢᠳᠣ ᠰᠤᠭᠤᠯᠤᠭ᠎ᠠ ᠲᠠᠷᠬᠠᠭᠠᠬᠤ ᠵᠠᠷᠤᠳᠠᠯ ᠪᠤᠯᠤᠨ ᠬᠤᠨᠵᠢᠪᠤᠷᠢᠲᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠪᠠᠭᠳᠠᠨ᠎ᠠ᠃ ᠬᠤᠨᠵᠢᠪᠤᠷᠢᠳᠤ ᠰᠣᠭᠤᠯᠤᠭ᠎ᠠ ᠶᠢᠨ ᠪᠡᠯᠡ ᠮᠦᠩᠭᠦᠨ ᠤ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠰᠢᠢᠳᠦᠨ᠎ᠡ᠃ ᠬᠤᠨᠵᠢᠪᠤᠷᠢᠳᠣ ᠰᠣᠭᠤᠯᠤᠭ᠎ᠠ ᠶᠢᠨ ᠲᠦᠷᠦᠯ ᠵᠦᠢᠯ ᠤᠨ ᠬᠤᠭᠤᠷᠤᠨᠳᠤᠬᠢ ᠬᠤᠨᠵᠢᠪᠤᠷᠢᠳᠦ ᠰᠣᠭᠤᠯᠤᠭ᠎ᠠ ᠶᠢᠨ ᠪᠡᠯᠡ ᠮᠦᠩᠭᠦᠨ ᠤ ᠪᠤᠳᠠᠳᠠᠢ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠶᠢ ᠦᠨᠳᠦᠰᠦᠯᠡᠨ ᠲᠤᠭᠳᠠᠭᠠᠨ᠎ᠠ᠃ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠬᠦᠷᠢᠶ᠎ᠡ ᠬᠡᠪᠴᠢᠶᠡᠨ ᠤ ᠦᠷᠭᠡᠳᠬᠦ ᠪᠠ ᠬᠤᠨᠵᠢᠪᠤᠷᠢᠳᠦ ᠰᠤᠭᠤᠯᠤᠭ᠎ᠠ ᠶᠢᠨ ᠲᠦᠷᠦᠯ ᠵᠦᠢᠯ ᠨᠡᠮᠡᠭᠳᠡᠬᠦ ᠶᠢ ᠲᠠᠭᠠᠯᠳᠦᠨ᠂ ᠬᠤᠨᠵᠢᠪᠤᠷᠢᠳᠦ ᠰᠣᠭᠤᠯᠤᠭ᠎ᠠ ᠶᠢᠨ ᠲᠠᠷᠬᠠᠭᠠᠬᠤ ᠵᠠᠷᠤᠳᠠᠯ ᠤᠨ ᠬᠠᠷᠢᠴᠠᠯ ᠢ ᠪᠠᠭᠤᠷᠠᠭᠤᠯᠵᠦ ᠪᠤᠯᠤᠨ᠎ᠠ᠃      ᠬᠤᠷᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠦᠷᠢᠮ ᠤᠨ ᠲᠠᠭᠠᠦ ᠬᠤᠨᠵᠢᠪᠤᠷᠢᠳᠤ ᠰᠣᠭᠤᠯᠤᠭ᠎ᠠ ᠶᠢᠨ ᠪᠡᠯᠡ ᠮᠦᠩᠭᠦᠨ ᠤ ᠲᠠᠩᠰᠠ ᠨᠡᠭᠡᠭᠡᠵᠦ᠂ ᠬᠤᠨᠵᠢᠪᠤᠷᠢᠳᠦ ᠰᠣᠭᠤᠯᠤᠭ᠎ᠠ ᠶᠢᠨ ᠪᠡᠯᠡ ᠮᠦᠩᠭᠦ ᠶᠢ ᠬᠠᠷᠭᠤᠭᠤᠯᠵᠦ ᠪᠤᠳᠤᠬᠤ ᠳᠤ ᠬᠡᠷᠡᠭᠯᠡᠬᠦ ᠬᠡᠷᠡᠭᠳᠡᠢ᠃      ᠭᠤᠴᠢᠳᠣᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠤ ᠰᠣᠭᠤᠯᠤᠭ᠎ᠠ ᠶᠢᠨ ᠲᠠᠷᠬᠠᠭᠠᠬᠤ᠂ ᠪᠤᠷᠤᠯᠠᠭᠤᠯᠤᠨ ᠬᠤᠳᠠᠯᠳᠣᠬᠤ ᠪᠤᠯᠤᠨ ᠪᠡᠯᠡ ᠮᠦᠩᠭᠦᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠬᠤᠨᠵᠢᠪᠤᠷᠢᠳᠤ ᠰᠣᠭᠤᠯᠤᠭ᠎ᠠ ᠶᠢᠨ ᠪᠤᠷᠤᠯᠠᠭᠤᠯᠤᠨ ᠬᠤᠳᠠᠯᠳᠣᠯᠳᠠ ᠪᠠ ᠪᠡᠯᠡ ᠮᠦᠩᠭᠦᠨ ᠤ ᠡᠷᠭᠢᠯᠳᠡ ᠶᠢ ᠴᠠᠭ ᠲᠤᠬᠠᠢ ᠳᠤᠨᠢ ᠡᠵᠡᠮᠰᠢᠬᠦ ᠭᠡᠷᠡᠭᠳᠡᠢ᠃      ᠭᠤᠴᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠱᠠᠩᠨᠠᠯ ᠤᠨ ᠮᠦᠩᠭᠦ ᠶᠢ ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠳᠤ ᠠᠰᠢᠭᠯᠠᠨ᠎ᠠ᠃ ᠬᠤᠨᠵᠢᠪᠤᠷᠢᠳᠤ ᠰᠣᠭᠤᠯᠤᠭ᠎ᠠ ᠶᠢᠨ ᠲᠠᠩ ︵单注︶ ᠱᠠᠩᠨᠠᠯ ᠤᠨ ᠮᠦᠩᠭᠦ ᠶᠢᠨ ᠬᠠᠮᠤᠭ ᠤᠨ ᠦᠨᠳᠦᠷ ᠬᠡᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠦ ᠰᠣᠭᠤᠯᠤᠭ᠎ᠠ ᠶᠢᠨ ᠵᠠᠬ᠎ᠠ ᠲᠡᠯᠭᠡᠭᠦᠷ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠨ ᠰᠢᠢᠳᠦᠨ᠎ᠡ᠃ ᠬᠤᠭᠤᠴᠠᠭ᠎ᠠ ᠨᠢ ᠬᠡᠳᠦᠷᠡᠵᠦ ᠲᠣᠰᠣᠭᠰᠠᠨ ᠦᠭᠡᠢ ᠱᠠᠩᠨᠠᠯ ᠤᠨ ᠮᠦᠩᠭᠦ ᠶᠢ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠳᠤ ᠤᠷᠤᠭᠤᠯᠤᠨ᠎ᠠ᠃      ᠭᠤᠴᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠵᠠᠷᠤᠳᠠᠯ ᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠬᠤ ᠵᠠᠷᠤᠯᠭ᠎ᠠ ᠵᠢᠴᠢ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠶᠢᠨ ᠪᠤᠷᠤᠯᠠᠭᠤᠯᠵᠦ ᠬᠤᠳᠠᠯᠳᠤᠬᠤ ᠳᠤ ᠵᠠᠷᠤᠬᠤ ᠵᠠᠷᠤᠯᠭ᠎ᠠ ᠳᠤ ᠲᠤᠰᠬᠠᠶᠢᠯᠠᠨ ᠠᠰᠢᠭᠯᠠᠨ᠎ᠠ᠃ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ ᠢᠶᠠᠷ ᠬᠠᠮᠢᠶᠠᠷᠴᠦ᠂ ᠲᠡᠭᠦᠨ ᠤ ᠵᠠᠷᠤᠯᠭ᠎ᠠ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠳᠤ ᠨᠡᠶᠢᠴᠡᠬᠦ ᠭᠡᠷᠡᠭᠳᠡᠢ᠃      ᠭᠤᠴᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠨᠡᠶᠢᠭᠡᠮ ᠤᠨ ᠠᠰᠠᠷᠠᠮᠵᠢ᠂ ᠪᠡᠶ᠎ᠡ ᠶᠢᠨ ᠲᠠᠮᠢᠷ ᠵᠡᠷᠭᠡ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠲᠤᠰᠬᠠᠶᠢᠯᠠᠨ ᠠᠰᠢᠭᠯᠠᠨ᠎ᠠ᠂ ᠡᠳ᠋ ᠤᠨ ᠵᠠᠰᠠᠭ ᠤᠨ ᠡᠩ ᠤᠨ ᠲᠦᠰᠦᠪ ᠢ ᠲᠡᠩᠴᠡᠭᠦᠰᠢᠷᠡᠭᠦᠯᠬᠦ ᠳᠤ ᠠᠰᠢᠭᠯᠠᠬᠤ ᠦᠭᠡᠢ᠃ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠬᠠᠮᠢᠶᠠᠷᠤᠯᠳᠠ ᠶᠢᠨ ᠠᠷᠭ᠎ᠠ ᠶᠢ ᠦᠨᠳᠦᠰᠦᠯᠠᠵᠦ᠂ ᠲᠦᠰᠦᠪ ᠲᠤ ᠤᠷᠤᠭᠤᠯᠤᠨ᠂ ᠤᠷᠤᠯᠭ᠎ᠠ ᠵᠠᠷᠤᠯᠭ᠎ᠠ ᠬᠤᠶᠠᠷ ᠱᠤᠭᠤᠮ ᠤᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃      ᠭᠤᠴᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠤᠭᠳᠠᠭᠠᠯ ᠤᠨ ᠲᠠᠭᠠᠦ᠂ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠪᠠ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠢ ᠴᠠᠭ ᠲᠤᠬᠠᠢ ᠳᠤᠨᠢ ᠲᠡᠭᠡᠭᠰᠢ ᠲᠤᠰᠢᠶᠠᠵᠦ᠂ ᠲᠤᠮᠳᠠ ᠠᠴᠠ ᠨᠢ ᠦᠯᠡᠳᠡᠭᠡᠬᠦ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠴᠠᠭ ᠲᠤᠬᠠᠢ ᠳᠤᠨᠢ ᠬᠠᠷᠭᠤᠭᠤᠯᠵᠦ ᠪᠠᠭᠤᠯᠭᠠᠵᠦ ᠦᠭᠭᠦ ᠭᠡᠷᠡᠭᠳᠡᠢ᠃      ᠭᠤᠴᠢᠨ ᠲᠠᠪᠤᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠤᠪᠢᠶᠠᠷᠠᠯᠳᠠ ᠶᠢᠨ ᠪᠤᠳᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠪᠠ ᠪᠡᠶ᠎ᠡ ᠶᠢᠨ ᠲᠠᠮᠢᠷ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠲᠦᠰᠦᠯ ᠭᠠᠷᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ ᠭᠡᠷᠡᠭᠵᠢᠭᠦᠯᠦᠨ᠎ᠡ᠃      ᠭᠤᠴᠢᠨ ᠵᠢᠷᠭᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ᠂ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠤᠳᠤᠯᠳᠠ ᠶᠢᠨ ᠪᠠᠶᠢᠭᠤᠯᠭ᠎ᠠ ᠪᠠ ᠨᠡᠶᠢᠭᠡᠮ ᠤᠨ ᠤᠯᠠᠨ ᠲᠦᠮᠡᠨ ᠤ ᠬᠢᠨᠠᠯᠳᠠ ᠶᠢ ᠬᠠᠦᠯᠢ ᠶᠤᠰᠤᠭᠠᠷ ᠬᠦᠯᠢᠶᠡᠬᠦ ᠬᠡᠷᠡᠭᠳᠡᠢ᠃ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠡᠷᠡᠭᠯᠡᠭᠰᠡᠨ ᠪᠠᠶᠢᠳᠠᠯ ᠢ ᠵᠢᠯ ᠪᠦᠷᠢ ᠨᠡᠶᠢᠭᠡᠮ ᠳᠤ ᠵᠠᠷᠯᠠᠬᠤ ᠭᠡᠷᠡᠭᠳᠡᠢ᠃      ᠭᠤᠴᠢᠨ ᠲᠤᠯᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠣ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠢᠯ ᠪᠦᠷᠢ ᠲᠤᠰ ᠱᠠᠳᠣᠨ ᠤ ᠠᠷᠠᠳ ᠤᠨ ᠵᠠᠰᠠᠭ ᠤᠨ ᠣᠷᠳᠣᠨ ᠳᠤ ᠨᠢᠳᠤᠨᠤᠨ ᠤ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠨᠢᠭᠡᠳᠦᠯᠲᠡᠢ ᠲᠦᠯᠦᠪᠯᠡᠭᠰᠡᠨ᠂ ᠬᠤᠪᠢᠶᠠᠷᠠᠯᠠᠭᠰᠠᠨ ᠪᠠ ᠬᠡᠷᠡᠭᠯᠡᠭᠰᠡᠨ ᠪᠠᠶᠢᠳᠠᠯ ᠢ ᠮᠡᠳᠡᠭᠦᠯᠦᠯᠳᠡ ᠬᠢᠵᠦ᠂ ᠨᠡᠶᠢᠭᠡᠮ ᠳᠤ ᠵᠠᠷᠯᠠᠬᠤ ᠭᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号