ᠲᠠᠪᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ | ᠭᠤᠴᠢᠨ ᠨᠠᠢᠮᠠᠳᠤᠭᠠᠷ ᠵᠤᠷᠪᠤᠰ ᠲᠤᠰ ᠲᠦᠷᠢᠮ ᠤᠨ ᠲᠤᠭᠳᠠᠭᠠᠯ ᠢ ᠵᠦᠷᠢᠴᠡᠵᠦ᠂ ᠬᠤᠨᠵᠢᠪᠤᠷᠢᠳᠦ | ᠰᠤᠭᠤᠯᠤᠭ᠎ᠠ ᠶᠢ ᠲᠤᠷ᠎ᠠ ᠪᠠᠷ ᠲᠠᠷᠬᠠᠭᠠᠵᠦ᠂ ᠬᠤᠳᠠᠯᠳᠤᠭᠰᠠᠨ ᠪᠤᠶᠤ ᠪᠦᠭᠦᠳᠡ ᠨᠠᠶᠢᠷᠠᠮᠳᠠᠬᠤ ᠲᠤᠮᠳᠠᠳᠦ ᠠᠷᠠᠳ | ᠣᠯᠣᠰ ᠤᠨ ᠬᠢᠯᠢ ᠲᠤᠳᠤᠷ᠎ᠠ ᠬᠢᠯᠢ ᠶᠢᠨ ᠭᠠᠳᠠᠨᠠᠬᠢ ᠬᠤᠨᠵᠢᠪᠤᠷᠢᠳᠦ ᠰᠤᠭᠤᠯᠤᠭ᠎ᠠ ᠶᠢ ᠲᠠᠷᠬᠠᠭᠠᠵᠦ᠂ ᠬᠤᠳᠠᠯᠳᠤᠨ | ᠶᠠᠯ᠎ᠠ ᠪᠤᠯᠵᠦ ᠪᠦᠷᠢᠯᠳᠦᠭᠰᠡᠨ ᠪᠤᠯ᠂ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ︔ | ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠦᠯᠢ ᠶᠤᠰᠤᠭᠠᠷ | ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠢᠳᠬᠡᠯ ᠦᠭᠭᠦᠨ᠎ᠡ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ | ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ᠃ | ᠭᠤᠴᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ | ᠬᠢᠭᠰᠡᠨ ᠪᠠᠶᠢᠪᠠᠯ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠠᠷᠠᠯᠵᠢᠶ᠎ᠠ ᠶᠢ ᠨᠢ ᠵᠤᠭᠰᠤᠭᠠᠵᠦ ᠵᠠᠷᠯᠢᠭᠳᠠᠨ | ᠴᠡᠭᠴᠡᠯᠡᠬᠦ ᠬᠡᠷᠡᠭᠳᠡᠢ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ | ᠬᠤᠷᠢᠶᠠᠨ ᠠᠪᠴᠦ᠂ ᠬᠠᠦᠯᠢ ᠵᠦᠷᠢᠴᠡᠭᠰᠡᠨ ᠤᠷᠤᠯᠭ᠎ᠠ ᠶᠢᠨ ᠬᠢᠨᠢ 3 ᠲᠠᠬᠢᠨ ᠲᠤᠷᠭᠠᠭᠤᠯᠢ ᠪᠠᠷ ᠰᠢᠢᠳᠬᠡᠨ᠎ᠡ︔ | ᠰᠢᠭᠤᠳ ᠬᠠᠷᠢᠭᠤᠴᠠᠭᠰᠠᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ | ᠬᠠᠦᠯᠢ ᠶᠤᠰᠤᠭᠠᠷ ᠰᠢᠢᠳᠬᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ | ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠵᠦᠪᠰᠢᠶᠡᠷᠡᠯ ᠢ ᠤᠯᠤᠭ᠎ᠠ ᠦᠭᠡᠢ ᠪᠠᠷ ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠢ | ᠨᠡᠭᠡᠭᠡᠭᠰᠡᠨ᠂ ᠵᠤᠭᠰᠤᠭᠠᠭᠰᠠᠨ ᠪᠤᠶᠤ ᠵᠦᠪᠰᠢᠶᠡᠷᠡᠯ ᠢ ᠤᠯᠤᠭᠰᠠᠨ ᠦᠭᠡᠢ ᠪᠠᠷ ᠬᠤᠨᠵᠢᠪᠤᠷᠢᠳᠦ ᠰᠤᠭᠤᠯᠤᠭ᠎ᠠ ᠤ | ᠲᠦᠷᠦᠯ ᠵᠦᠢᠯ ᠤᠨ ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠭᠰᠠᠨ︔ | ︵ᠬᠤᠶᠠᠷ︶ ᠵᠦᠪᠰᠢᠶᠡᠷᠡᠯ ᠢ ᠤᠯᠤᠭ᠎ᠠ ᠦᠭᠡᠢ ᠬᠤᠨᠵᠢᠪᠤᠷᠢᠳᠦ ᠰᠣᠭᠤᠯᠤᠭ᠎ᠠ ᠶᠢᠨ ᠲᠦᠷᠦᠯ ᠵᠦᠢᠯ ᠤᠨ | ᠲᠦᠷᠢᠮ᠂ ᠲᠠᠷᠬᠠᠭᠠᠬᠤ ᠭᠡᠯᠪᠡᠷᠢ᠂ ᠲᠠᠷᠬᠠᠭᠠᠬᠤ ᠬᠡᠪᠴᠢᠶ᠎ᠡ᠂ ᠱᠠᠩᠨᠠᠯ ᠨᠡᠭᠡᠭᠡᠬᠦ ᠱᠠᠩᠨᠠᠯ ᠣᠯᠭᠤᠬᠤ ᠠᠵᠢᠯᠯᠠᠭᠠᠨ ᠤ | ᠲᠦᠷᠢᠮ ᠢᠶᠠᠷ ᠬᠤᠨᠵᠢᠪᠤᠷᠢᠳᠤ ᠰᠤᠭᠤᠯᠤᠭ᠎ᠠ ᠲᠠᠷᠬᠠᠭᠠᠭᠰᠠᠨ᠂ ᠬᠤᠳᠠᠯᠳᠤᠭᠰᠠᠨ ᠪᠤᠶᠤ ᠱᠠᠩᠨᠠᠯ ᠨᠡᠭᠡᠭᠡᠵᠦ ᠱᠠᠩᠨᠠᠯ | ᠣᠯᠭᠤᠭᠰᠠᠨ︔ | ︵ᠭᠤᠷᠪᠠ︶ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠵᠦ ᠬᠤᠳᠠᠯᠳᠤᠬᠤ ᠰᠢᠰᠲ᠋ᠧᠮ ᠤᠨ ᠲᠤᠭ᠎ᠠ | ᠪᠠᠷᠢᠮᠳᠠ ᠶᠢᠨ ᠬᠠᠮᠢᠶᠠᠷᠤᠯᠳᠠ᠂ ᠱᠠᠩᠨᠠᠯ ᠨᠡᠭᠡᠭᠡᠬᠦ ᠱᠠᠩᠨᠠᠯ ᠣᠯᠭᠤᠬᠤ ᠬᠠᠮᠢᠶᠠᠷᠤᠯᠳᠠ ᠪᠤᠶᠤ ᠬᠤᠨᠵᠢᠪᠤᠷᠢᠳᠦ | ᠰᠣᠭᠤᠯᠤᠭ᠎ᠠ ᠶᠢᠨ ᠪᠡᠯᠡ ᠮᠦᠩᠭᠦ ᠶᠢᠨ ᠲᠦᠪᠯᠡᠷᠡᠭᠦᠯᠦᠨ ᠬᠠᠮᠢᠶᠠᠷᠤᠯᠳᠠ ᠶᠢ ᠦᠭᠡᠷ᠎ᠡ ᠪᠤᠰᠤᠳ ᠲᠤ ᠨᠠᠶᠢᠳᠠᠨ | ᠬᠠᠮᠢᠶᠠᠷᠠᠭᠤᠯᠤᠭᠰᠠᠨ︔ | ︵ᠲᠦᠷᠪᠡ︶ ᠬᠤᠨᠵᠢᠪᠤᠷᠢᠳᠦ ᠰᠣᠭᠤᠯᠤᠭ᠎ᠠ ᠶᠢᠨ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠲᠦᠷᠢᠮ | ᠵᠦᠷᠢᠴᠡᠵᠦ ᠡᠷᠢᠵᠦ ᠦᠵᠡᠭᠰᠡᠨ᠂ ᠬᠤᠪᠢᠷᠭᠠᠭᠰᠠᠨ᠂ ᠣᠰᠠᠳᠬᠠᠭᠰᠠᠨ︔ | ︵ᠲᠠᠪᠦ︶ ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠶᠢ | ᠬᠤᠳᠠᠯᠳᠤᠭᠰᠠᠨ︔ | ︵ᠵᠢᠷᠭᠤᠭ᠎ᠠ︶ ᠵᠦᠪᠰᠢᠶᠡᠷᠡᠯ ᠤᠯᠤᠭ᠎ᠠ ᠦᠭᠡᠢ ᠪᠠᠷ ᠬᠤᠨᠵᠢᠪᠤᠷᠢᠳᠤ ᠰᠣᠭᠤᠯᠤᠭ᠎ᠠ ᠶᠢ ᠣᠰᠠᠳᠬᠠᠭᠰᠠᠨ︔ | ︵ᠲᠤᠯᠤᠭ᠎ᠠ︶ ᠬᠤᠨᠵᠢᠪᠤᠷᠢᠳᠤ ᠰᠣᠭᠤᠯᠤᠭ᠎ᠠ ᠶᠢᠨ ᠪᠡᠯᠡ ᠮᠦᠩᠭᠦ ᠶᠢ ᠲᠤᠮᠳᠠ ᠠᠴᠠ ᠨᠢ ᠦᠯᠡᠳᠡᠭᠡᠵᠦ᠂ | ᠨᠡᠭᠦᠯᠭᠡᠨ ᠭᠡᠷᠡᠭᠯᠡᠭᠰᠡᠨ᠃ | ᠲᠦᠴᠢᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ | ᠬᠢᠭᠰᠡᠨ ᠪᠤᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠬᠠᠦᠯᠢ ᠵᠦᠷᠢᠴᠡᠭᠰᠡᠨ | ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ︔ ᠰᠢᠭᠤᠳ ᠬᠠᠷᠢᠭᠤᠴᠠᠭᠰᠠᠨ | ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠳᠤ ᠬᠠᠦᠯᠢ ᠶᠣᠰᠤᠭᠠᠷ ᠰᠢᠢᠳᠬᠡᠯ | ᠦᠭᠭᠦᠨ᠎ᠡ᠄ | ︵ᠨᠢᠭᠡ︶ ᠪᠠᠷᠢᠮᠵᠢᠶᠠᠨ ᠳᠤ ᠨᠡᠶᠢᠴᠡᠬᠦ ᠦᠭᠡᠢ ᠬᠤᠨᠵᠢᠪᠤᠷᠢᠳᠤ ᠰᠣᠭᠤᠯᠤᠭ᠎ᠠ ᠶᠢᠨ ᠲᠦᠭᠦᠭᠡᠷᠦᠮᠵᠢ ᠪᠤᠶᠤ | ᠮᠡᠷᠭᠡᠵᠢᠯ ᠤᠨ ᠦᠢᠯᠡᠴᠢᠯᠡᠭᠡ ᠶᠢ ᠬᠤᠳᠠᠯᠳᠤᠨ ᠠᠪᠤᠭᠰᠠᠨ︔ | ︵ᠬᠤᠶᠠᠷ︶ ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ︔ | ︵ᠭᠤᠷᠪᠠ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ | ᠪᠤᠰᠤ ᠪᠠᠷ ᠦᠷᠢᠰᠦᠯᠳᠦᠭᠰᠡᠨ︔ | ︵ᠲᠦᠷᠪᠡ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ︔ | ︵ᠲᠠᠪᠤ︶ ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠶᠢᠨ ᠬᠤᠪᠢ ᠬᠦᠮᠦᠨ ᠤ ᠮᠡᠳᠡᠭᠡ ᠵᠠᠩᠬᠢ ᠶᠢ | ᠵᠠᠳᠠᠷᠠᠭᠤᠯᠤᠭᠰᠠᠨ︔ | ︵ᠵᠢᠷᠭᠤᠭ᠎ᠠ︶ ᠬᠤᠭᠤᠴᠠᠭ᠎ᠠ ᠨᠢ ᠭᠡᠳᠦᠷᠡᠵᠦ ᠲᠣᠰᠤᠭᠰᠠᠨ ᠦᠭᠡᠢ ᠱᠠᠩᠨᠠᠯ ᠤᠨ ᠮᠦᠩᠭᠦ ᠶᠢ ᠬᠤᠨᠵᠢᠪᠤᠷᠢᠳᠤ | ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦᠨ ᠳᠤ ᠣᠷᠤᠭᠤᠯᠤᠭᠰᠠᠨ ᠦᠭᠡᠢ︔ | ︵ᠲᠤᠯᠤᠭ᠎ᠠ︶ ᠬᠤᠨᠵᠢᠪᠤᠷᠢᠳᠦ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ᠂ ᠬᠤᠨᠵᠢᠪᠤᠷᠢᠳᠤ | ᠰᠤᠭᠤᠯᠤᠭ᠎ᠠ ᠲᠠᠷᠬᠠᠭᠠᠬᠤ ᠵᠠᠷᠤᠳᠠᠯ ᠳᠠᠬᠢ ᠲᠤᠬᠠᠶᠢᠯᠠᠭᠰᠠᠨ ᠠᠵᠢᠯ ᠤᠨ ᠵᠠᠷᠤᠳᠠᠯ ᠢ ᠲᠦᠷᠢᠮ ᠤᠨ ᠲᠠᠭᠠᠦ ᠲᠡᠭᠡᠭᠰᠢ | ᠲᠤᠰᠢᠶᠠᠭᠰᠠᠨ ᠦᠭᠡᠢ᠃ | ᠲᠦᠴᠢᠨ ᠨᠢᠭᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ ᠶᠢᠨ ᠣᠷᠤᠯᠠᠨ ᠬᠤᠳᠠᠯᠳᠤᠭᠴᠢ ᠲᠠᠷᠠᠭᠠᠬᠢ | ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ | ᠪᠶᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠ ᠵᠠᠯᠠᠷᠠᠭᠤᠯᠵᠦ᠂ 2000 | ᠵᠤᠭᠤᠰ ᠠᠴᠠ ᠲᠡᠭᠡᠭᠰᠢ 1 ᠲᠦᠮᠡᠨ ᠵᠤᠭᠤᠰ ᠠᠴᠠ ᠲᠤᠭᠤᠭᠰᠢ ᠲᠤᠷᠭᠠᠨ᠎ᠠ︔ ᠬᠠᠦᠯᠢ ᠵᠦᠷᠢᠴᠡᠭᠰᠡᠨ ᠤᠷᠤᠯᠭ᠎ᠠ | ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ᠄ | ︵ᠨᠢᠭᠡ︶ ᠦᠭᠡᠷ᠎ᠡ ᠪᠤᠰᠤᠳ ᠲᠤ ᠨᠠᠶᠢᠳᠠᠯᠭ᠎ᠠ ᠦᠭᠴᠦ ᠬᠤᠨᠵᠢᠪᠤᠷᠢᠳᠦ ᠰᠤᠭᠤᠯᠤᠭ᠎ᠠ ᠤᠷᠤᠯᠠᠨ | ᠬᠤᠳᠠᠯᠳᠤᠭᠤᠯᠤᠭᠰᠠᠨ ᠪᠤᠶᠤ ᠬᠤᠨᠵᠢᠪᠤᠷᠢᠳᠦ ᠰᠤᠭᠤᠯᠤᠭ᠎ᠠ ᠠᠪᠬᠤ ︵投注︶ ᠲᠤᠰᠬᠠᠢ ᠲᠦᠭᠦᠭᠡᠷᠦᠮᠵᠢ ᠶᠢ | ᠵᠢᠭᠡᠯᠡᠭᠦᠯᠦᠭᠰᠡᠨ᠂ ᠲᠦᠷᠢᠶᠡᠰᠦᠯᠡᠭᠦᠯᠦᠭᠰᠡᠨ᠂ ᠬᠤᠳᠠᠯᠳᠤᠭᠰᠠᠨ︔ | ︵ᠬᠤᠶᠠᠷ︶ ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ︔ | ︵ᠭᠤᠷᠪᠠ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ | ᠪᠤᠰᠤ ᠪᠠᠷ ᠦᠷᠢᠰᠦᠯᠳᠦᠭᠰᠡᠨ︔ | ︵ᠲᠦᠷᠪᠡ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ︔ | ︵ᠲᠠᠪᠤ︶ ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠶᠢ | ᠬᠤᠳᠠᠯᠳᠤᠭᠰᠠᠨ᠃ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠨᠢ ᠡᠮᠦᠨᠡᠬᠢ ᠵᠦᠢᠯ ᠳᠤ ᠲᠤᠷᠠᠳᠤᠭᠰᠠᠨ | ᠠᠵᠢᠯᠯᠠᠭ᠎ᠠ ᠬᠢᠵᠦ᠂ ᠰᠢᠢᠳᠭᠡᠯ ᠬᠦᠯᠢᠶᠡᠭᠰᠡᠨ ᠪᠠᠶᠢᠪᠠᠯ᠂ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ | ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠬᠤᠨᠵᠢᠪᠤᠷᠢᠳᠦ ᠰᠤᠭᠤᠯᠤᠭ᠎ᠠ | ᠤᠷᠤᠯᠠᠨ ᠬᠤᠳᠠᠯᠳᠤᠬᠤ ᠭᠡᠷ᠎ᠡ ᠪᠠᠨ ᠬᠦᠴᠦᠨ ᠦᠭᠡᠢ ᠪᠤᠯᠭᠠᠬᠤ ᠡᠷᠬᠡ ᠲᠠᠢ᠃ | ᠲᠦᠴᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠶᠢ ᠬᠠᠭᠤᠷᠮᠠᠭ ᠢᠶᠠᠷ ᠵᠤᠬᠢᠶᠠᠬᠤ᠂ | ᠬᠤᠪᠢᠷᠭᠠᠵᠦ ᠦᠢᠯᠡᠳᠬᠦ ᠪᠤᠶᠤ ᠬᠠᠭᠤᠷᠮᠠᠭ ᠢᠶᠠᠷ ᠵᠤᠬᠢᠶᠠᠭᠰᠠᠨ᠂ ᠬᠤᠪᠢᠷᠭᠠᠵᠦ ᠦᠢᠯᠡᠳᠦᠭᠰᠡᠨ ᠬᠤᠨᠵᠢᠪᠤᠷᠢᠳᠤ | ᠰᠤᠭᠤᠯᠤᠭ᠎ᠠ ᠪᠠᠷ ᠱᠠᠩᠨᠠᠯ ᠲᠤᠰᠤᠭᠰᠠᠨ ᠪᠤᠯ ᠬᠠᠦᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ | ᠰᠢᠢᠳᠭᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠣᠰᠤᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠭᠡᠮᠵᠢᠯᠡᠨ᠎ᠡ᠃ | ᠲᠦᠴᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ | ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ | ᠬᠡᠷᠡᠭᠯᠡᠬᠦ ᠲᠦᠷᠢᠮ ᠢ ᠵᠦᠷᠢᠴᠡᠭᠰᠡᠨ ᠪᠤᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ | ᠲᠤᠭᠳᠠᠨ ᠵᠠᠯᠠᠷᠠᠭᠤᠯᠤᠨ᠎ᠠ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ᠂ ᠬᠠᠦᠯᠢ ᠵᠦᠷᠢᠴᠡᠭᠰᠡᠨ ᠤᠷᠤᠯᠭ᠎ᠠ ᠶᠢ ᠨᠢ | ᠬᠤᠷᠢᠶᠠᠨ ᠠᠪᠤᠨ᠎ᠠ︔ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠦᠭᠡᠢ ᠪᠤᠯ ᠬᠤᠨᠵᠢᠪᠤᠷᠢᠳᠦ ᠰᠣᠭᠤᠯᠤᠭ᠎ᠠ ᠤ | ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠠᠰᠢᠭᠯᠠᠵᠦ ᠪᠤᠢ ᠪᠤᠯᠤᠭᠰᠠᠨ ᠬᠦᠷᠦᠩᠭᠡ ᠶᠢ ᠨᠢ ᠬᠤᠷᠢᠶᠠᠨ ᠠᠪᠴᠦ᠂ | ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠡᠷᠡᠭᠯᠡᠬᠦ ᠬᠢᠷᠢ ᠬᠡᠮ ᠢ ᠨᠢ | ᠦᠭᠡᠶᠢᠰᠬᠡᠨ᠎ᠡ᠃ | ᠲᠦᠴᠢᠨ ᠲᠦᠷᠪᠡᠳᠦᠭᠡᠷ ᠵᠤᠷᠪᠤᠰ ᠲᠤᠰ ᠲᠦᠷᠢᠮ ᠤᠨ ᠲᠤᠭᠳᠠᠭᠠᠯ ᠲᠠᠭᠠᠦ ᠬᠤᠨᠵᠢᠪᠤᠷᠢᠳᠤ | ᠰᠣᠭᠤᠯᠤᠭ᠎ᠠ ᠶᠢᠨ ᠬᠠᠮᠢᠶᠠᠷᠤᠯᠳᠠ ᠶᠢᠨ ᠲᠤᠰᠢᠶᠠᠯ ᠬᠦᠢᠴᠡᠳᠬᠡᠵᠦ ᠪᠠᠶᠢᠭ᠎ᠠ ᠡᠳ᠋ ᠤᠨ ᠵᠠᠰᠠᠭ ᠤᠨ ᠰᠠᠯᠠᠭ᠎ᠠ ᠮᠦᠴᠢᠷ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠠᠵᠢᠯᠳᠠᠠ ᠠᠴᠠ ᠬᠤᠨᠵᠢᠪᠤᠷᠢᠳᠤ ᠰᠣᠭᠤᠯᠤᠭ᠎ᠠ ᠶᠢᠨ ᠬᠢᠨᠡᠨ ᠬᠠᠮᠢᠶᠠᠷᠬᠤ ᠬᠦᠳᠡᠯᠭᠡᠭᠡᠨ ᠳᠤ ᠠᠵᠢᠯ ᠤᠨ ᠡᠷᠭᠡ ᠪᠠᠨ | ᠲᠤᠷ᠎ᠠ ᠪᠠᠷ ᠬᠡᠷᠡᠭᠯᠡᠵᠦ᠂ ᠲᠤᠰᠢᠶᠠᠯ ᠤᠨ ᠰᠠᠬᠢᠯᠭ᠎ᠠ ᠪᠠᠳᠦ ᠶᠢ ᠦᠯᠦ ᠬᠦᠨᠳᠦᠳᠭᠡᠵᠦ᠂ ᠭᠤᠶᠠᠴᠢᠯᠠᠨ ᠬᠠᠦᠯᠢ | ᠶᠤᠰᠤ ᠶᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠬᠠᠷᠠᠬᠠᠨ ᠪᠦᠷᠢᠯᠳᠦᠭᠡ ᠦᠭᠡᠢ ᠪᠤᠯ᠂ ᠬᠠᠦᠯᠢ ᠶᠤᠰᠤᠭᠠᠷ ᠰᠢᠢᠳᠭᠡᠯ | ᠦᠭᠭᠦᠨ᠎ᠡ᠃ | ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠦᠴᠢᠨ ᠲᠠᠪᠤᠳᠤᠭᠠᠷ ᠵᠤᠷᠪᠤᠰ ᠲᠤᠰ ᠲᠦᠷᠢᠮ ᠢ 2009 ᠤᠨ ᠤ 7 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | |