3 ᠰᠠᠷ᠎ᠠ ᠶᠢᠨ 28 ᠤ ᠡᠳᠦᠷ᠂ ᠬᠤᠰᠢᠭᠤᠨ ᠵᠠᠰᠠᠭ ᠤᠨ ᠣᠷᠳᠣᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠ ᠨᠡᠶᠢᠭᠡᠮ ᠤᠨ | ᠲᠣᠭᠲᠠᠭᠤᠨ ᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠢᠵᠦ᠂ ᠬᠤᠲᠠ ᠶᠢᠨ ᠨᠠᠮ ᠤᠨ | ᠬᠤᠷᠢᠶᠠᠨ ᠤ ᠱᠦᠵᠢ ᠳᠠᠩ ᠢ ᠶᠢᠨ ᠬᠠᠪᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ | ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ᠂ ᠠᠵᠢᠯ ᠦᠢᠯᠡᠣᠡᠪᠣᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠴᠠᠭ ᠦᠶ᠎ᠡ ᠪᠣᠯᠬᠤ ᠪᠥᠭᠡᠳ ᠬᠠᠩᠰᠢ ᠶᠢᠨ | ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠭ᠎ᠠ ᠪᠣᠯᠬᠤᠷ ᠠᠮᠤᠷ ᠲᠦᠪᠰᠢᠨ ᠲᠣᠭᠲᠠᠭᠤᠨ ᠪᠠᠶᠢᠬᠤ ᠪᠠ ᠣᠢ | ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠨᠢ ᠲᠦᠢᠯ ᠤᠨ | ᠴᠢᠬᠤᠯᠠ ᠶᠤᠮ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠰᠡᠷᠡᠮᠵᠢ ᠲᠠᠢ ᠪᠠᠶᠢᠬᠤ ᠶᠢ ᠢᠮᠠᠭᠲᠠ ᠪᠠᠲᠤᠯᠡᠵᠤ᠂ ᠤᠬᠠᠭᠤᠯᠵᠤ ᠬᠥᠲᠥᠯᠥᠨ ᠵᠢᠯᠣᠭᠤᠳᠬᠤ᠂ ᠠᠮᠣᠷ | ᠲᠦᠪᠰᠢᠨ ᠤ ᠳᠠᠯᠳᠠ ᠠᠷᠬᠠᠭ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠰᠠᠶᠢᠳᠣᠷ ᠠᠳᠬᠤᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠳᠡᠯ | ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠣᠡᠪᠣᠷᠢᠯᠡᠯ ᠢ ᠰᠠᠶᠢᠳᠣᠷ | ᠠᠳᠬᠤᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠣᠡᠪᠣᠷᠢᠯᠡᠯ ᠤᠨ ᠴᠢᠳᠠᠪᠤᠷᠢ ᠪᠣᠯᠤᠨ ᠶᠠᠰᠤ ᠴᠢᠨᠠᠷ ᠦᠷ᠎ᠡ | ᠠᠰᠢᠭ ᠢ ᠬᠦᠴᠦᠯᠡᠨ ᠳᠡᠭᠡᠭᠰᠢᠯᠡᠭᠦᠯᠵᠦ᠂ ᠡᠳ᠋ ᠪᠣᠳᠠᠰ ᠤᠨ ᠨᠥᠭᠡᠴᠡ ᠭᠦᠢᠴᠡᠣᠨ᠂ ᠲᠠᠷᠢᠶᠠᠯᠠᠩ ᠤᠨ ᠮᠠᠰᠢᠨ ᠤ | ᠪᠡᠯᠡᠳᠬᠡᠯ ᠭᠦᠢᠴᠡᠣᠨ᠂ ᠮᠡᠷᠭᠡᠵᠢᠯ ᠤᠨ ᠵᠢᠯᠣᠭᠤᠳᠣᠯᠭ᠎ᠠ ᠪᠥᠬᠦ ᠲᠠᠯ᠎ᠠ ᠶᠢᠨ᠂ ᠠᠮᠤᠷ ᠲᠦᠪᠰᠢᠨ ᠤ ᠬᠥᠮᠦᠵᠢᠯ ᠢ | ᠪᠣᠳᠠᠲᠠᠶᠢᠵᠢᠭᠤᠯᠵᠤ᠂ ᠪᠦᠬᠦ ᠵᠢᠯ ᠤᠨ ᠮᠠᠯ ᠠᠵᠤ ᠠᠬᠤᠶ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠬᠤᠷᠢᠭ᠎ᠠ | ᠱᠤᠭᠤᠮ ᠤᠨ ᠰᠡᠳᠬᠢᠬᠦᠶ ᠶᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠦᠢᠯᠡᠣᠡᠪᠣᠷᠢᠯᠡᠯ ᠢᠶᠠᠨ ᠰᠡᠷᠭᠦᠭᠡᠬᠦ᠂ | ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ ᠵᠠᠮ ᠬᠠᠷᠢᠯᠴᠠᠭ᠎ᠠ᠂ ᠵᠥᠷᠢᠴᠡᠯ ᠵᠠᠭᠤᠷᠠᠯᠳᠤᠭᠠᠨ᠂ ᠰᠦᠯᠵᠢᠶᠡᠨ ᠤ | ᠶᠠᠷᠢᠶ᠎ᠠ ᠬᠡᠯᠡᠯᠴᠡᠭᠡᠨ ᠤ ᠪᠠᠶᠢᠳᠡᠯ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠨᠢᠭᠡ ᠪᠦᠯᠦᠭ | ᠠᠰᠠᠭᠤᠳᠠᠯ ᠤᠨ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠡᠩᠭᠤᠶ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠶ ᠭᠡᠵᠡᠶ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠮᠦ ᠭᠦᠸᠧ ᠳ᠋ᠦᠩ᠂ ᠬᠤᠰᠢᠭᠤᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ | ᠭᠡᠷ᠂ ᠪᠠᠴᠢᠮ ᠪᠠᠶᠢᠳᠡᠯ ᠢ ᠠᠷᠭᠠᠴᠠᠬᠤ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠣᠢ ᠰᠢᠭᠤᠶ ᠶᠢᠨ ᠭᠠᠯ ᠤᠨᠲᠠᠷᠠᠭᠠᠬᠤ ᠳᠤᠮᠳᠠ | ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ | ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ |