ᠪᠠᠰᠠ ᠨᠢᠭᠡ ᠪᠦᠯᠦᠭ ᠳᠠᠯᠠᠨ ᠬᠠᠯᠢᠰᠤ ᠪᠠᠯᠴᠢᠷᠤᠳ ᠨᠤᠲᠤᠭ ᠲᠤ ︽ᠬᠠᠷᠢᠯᠠᠵᠤ︾ ᠢᠷᠡᠪᠡ
ᠨᠡᠶᠢᠲᠡᠯᠡᠭᠰᠡᠨ ᠴᠠᠭ᠄
2025/4/11
       4 ᠰᠠᠷ᠎ᠠ ᠶᠢᠨ 11 ᠤ ᠡᠳᠦᠷ᠂ ᠪᠠᠰᠠ ᠨᠢᠭᠡ ᠪᠦᠯᠦᠭ ᠠᠯᠠᠱᠠ ᠠᠶᠢᠮᠠᠭ ᠤᠨ ᠲᠠᠯᠠᠨ ᠬᠠᠯᠢᠰᠤ ᠠᠷᠤ ᠬᠤᠷᠴᠢᠨ ᠬᠤᠰᠢᠭᠤᠨ ᠳᠤ ︽ᠬᠠᠷᠢᠯᠠᠵᠤ︾᠂ ᠰᠢᠨ᠎ᠡ ᠨᠢᠭᠡ ᠵᠢᠯ ᠤᠨ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ ᠠᠶᠠᠨ ᠢᠶᠠᠨ ᠡᠬᠢᠯᠡᠭᠦᠯᠦᠭᠰᠡᠨ ᠴᠢᠮᠡᠭᠡ ᠪᠠᠷ ᠮᠠᠨᠤᠰ ᠪᠠᠯᠴᠢᠷᠤᠳ ᠰᠤᠮᠤᠨ ᠤ ᠡᠮᠦᠨ᠎ᠡ ᠲᠥᠭᠦᠷᠢᠭ ᠭᠠᠴᠠᠭᠠᠨ ᠳᠤ ᠬᠦᠷᠬᠦ ᠳᠤ ᠬᠠᠷ᠎ᠠ ᠰᠠᠯᠬᠢ ᠳᠡᠭᠳᠡᠨ ᠬᠠᠪᠤᠷ ᠤᠨ ᠵᠢᠬᠡᠭᠦᠨ ᠠᠭᠤᠷ ᠠᠮᠢᠰᠬᠤᠯ ᠪᠡᠶ᠎ᠡ ᠳᠠᠭᠵᠢᠭᠤᠯᠵᠤ ᠪᠠᠶᠢᠭᠰᠠᠨ ᠴᠤ ᠡᠯᠡᠰᠦᠷᠬᠡᠭᠵᠢᠬᠦ ᠶᠢ ᠰᠡᠷᠭᠡᠶᠢᠯᠡᠨ᠂ ᠡᠯᠡᠰᠦ ᠶᠢ ᠵᠠᠰᠠᠬᠤ ᠰᠢᠨ᠎ᠡ ᠨᠢᠭᠡᠨ ᠡᠭᠡᠯᠵᠢ ᠶᠢᠨ ᠠᠵᠢᠯᠯᠠᠭᠠᠨ ᠶᠠᠭ ᠢᠳᠡ ᠬᠥᠭ  ᠲᠠᠢ ᠶᠠᠪᠤᠭᠳᠠᠵᠤ ᠪᠠᠶᠢᠯ᠎ᠠ᠃
       2023 ᠣᠨ ᠤ ᠡᠬᠢ ᠪᠠᠷ ᠪᠠᠯᠴᠢᠷᠤᠳ ᠰᠤᠮᠤᠨ ᠤ ᠡᠮᠦᠨ᠎ᠡ ᠲᠥᠭᠦᠷᠢᠭ ᠭᠠᠴᠠᠭ᠎ᠠ ᠨᠢ ᠠᠯᠠᠱᠠ ᠨᠤᠲᠤᠭ ᠤᠨ ᠳᠠᠯᠠᠨ ᠬᠠᠯᠢᠰᠤ ᠶᠢᠨ 2000 ᠢᠯᠡᠭᠦᠦ ᠰᠠᠭᠤᠷᠢ ᠴᠢᠬᠢ ᠮᠣᠳᠣ ᠶᠢ ᠠᠪᠴᠢᠷᠠᠨ ᠭᠤᠴᠢᠨ ᠮᠦ ᠭᠠᠵᠠᠷ ᠲᠤ ᠲᠠᠷᠢᠵᠤ ᠤᠷᠭᠤᠭᠤᠯᠤᠭᠠᠳ᠂ ᠡᠳᠡᠭᠡᠷᠡᠯᠲᠡ ᠶᠢᠨ ᠨᠣᠷᠮ᠎ᠠ ᠨᠢ 80% ᠳᠤ ᠬᠦᠷᠦᠭᠰᠡᠨ ᠠᠩᠬᠠᠨ ᠤ ᠲᠤᠷᠰᠢᠯᠭ᠎ᠠ ᠶᠢᠨ ᠠᠮᠵᠢᠯᠲᠠ ᠶᠢᠨ ᠰᠠᠭᠤᠷᠢᠨ ᠳᠤ ᠪᠠᠨ ᠥᠨᠥᠳᠦᠷ ᠳᠠᠬᠢᠨ 4000 ᠢᠯᠡᠭᠦᠦ ᠰᠠᠭᠤᠷᠢ ᠳᠠᠯᠠᠨ ᠬᠠᠯᠢᠰᠤ ᠶᠢᠨ ᠴᠢᠬᠢ ᠮᠣᠳᠣ ᠠᠪᠴᠢᠷᠠᠨ ᠲᠠᠷᠢᠭᠰᠠᠨ ᠪᠠᠶᠢᠨ᠎ᠠ᠃
       ᠣᠶᠢᠯᠠᠭᠠᠡᠡᠰᠡᠨ ᠢᠶᠠᠷ᠂ ᠪᠠᠯᠴᠢᠷᠤᠳ ᠰᠤᠮᠤ ᠶᠢᠨ ᠡᠮᠦᠨ᠎ᠡ ᠲᠥᠭᠦᠷᠢᠭ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠨᠠᠰᠤᠨ ᠪᠣᠯ ᠶᠠᠭ ᠠᠯᠠᠱᠠ ᠨᠤᠲᠤᠭ ᠲᠠᠢ ᠬᠥᠮᠦᠨ ᠪᠣᠯᠤᠨ᠎ᠠ᠃ ᠲᠡᠷᠡᠪᠡᠷ ᠡᠯᠡᠰᠦᠷᠬᠡᠭᠵᠢᠯ ᠢ ᠰᠡᠷᠭᠡᠶᠢᠯᠡᠨ᠂ ᠡᠯᠡᠰᠦ ᠢ ᠵᠠᠰᠠᠬᠤ ᠠᠵᠢᠯ ᠢ ᠰᠠᠶᠢᠳᠣᠷ ᠬᠢᠵᠦ ᠥᠪᠡᠷ ᠤᠨ ᠨᠤᠲᠤᠭ ᠲᠤ ᠨᠢ ᠤᠷᠭᠤᠳᠠᠭ ᠳᠠᠯᠠᠨ ᠬᠠᠯᠢᠰᠤ ᠭᠡᠭᠴᠢ ᠮᠣᠳᠣᠯᠢᠭ ᠤᠷᠭᠤᠮᠠᠯ ᠢ ᠲᠥᠭᠦᠷᠢᠭ ᠭᠠᠴᠠᠭᠠᠨ ᠳᠤ ︽ᠬᠠᠷᠢᠯᠠᠭᠤᠯᠤᠨ︾ ᠠᠪᠴᠢᠷᠠᠵᠤ᠂ ᠡᠯᠡᠰᠦᠷᠬᠡᠭᠵᠢᠬᠦ ᠶᠢ ᠰᠡᠷᠭᠡᠶᠢᠯᠡᠬᠦ ᠠᠩᠬᠠᠨ ᠤ ᠠᠯᠬᠤᠮ ᠢᠶᠠᠨ ᠰᠦᠪᠡᠭᠴᠢᠯᠡᠭᠰᠡᠨ ᠢᠶᠠᠷ ᠪᠠᠯᠴᠢᠷᠤᠳ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠶᠢ ᠣᠯᠵᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠠᠯᠠᠱᠠ ᠠᠶᠢᠮᠠᠭ ᠲᠤ ᠬᠦᠷᠴᠦ ᠳᠠᠯᠠᠨ ᠬᠠᠯᠢᠰᠤ ᠶᠢᠨ ᠦᠷ᠎ᠡ ᠠᠰᠢᠭ ᠵᠢᠴᠢ ᠲᠠᠷᠢᠬᠤ ᠮᠡᠷᠭᠡᠵᠢᠯ ᠢ ᠰᠤᠳᠤᠯᠤᠨ ᠰᠤᠷᠤᠯᠴᠠᠵᠠᠶ᠃ ᠲᠤᠬᠠᠶ ᠶᠢᠨ ᠦᠶ᠎ᠡ ᠳᠤ᠂ ᠠᠯᠠᠱᠠ ᠨᠤᠲᠤᠭ ᠲᠤ ᠨᠢᠭᠡᠨᠲᠡ100 ᠢᠯᠡᠭᠦᠦ ᠲᠦᠮᠡᠨ ᠮᠦ ᠲᠠᠷᠢᠭᠰᠠᠨ ᠮᠥᠷᠲᠡᠭᠡᠨ ᠳᠠᠯᠠᠨ ᠬᠠᠯᠢᠰᠤ ᠶᠢᠨ ᠦᠷ᠎ᠡ ᠪᠠᠷ ᠲᠣᠰᠣ ᠰᠢᠬᠠᠬᠤ᠂ ᠮᠠᠯ ᠤᠨ ᠰᠢᠯᠢᠳᠡᠭ ᠲᠡᠵᠢᠭᠡᠯ ᠪᠣᠷᠳᠤᠭ᠎ᠠ ᠪᠣᠯᠭᠠᠬᠤ ᠵᠡᠷᠭᠡ ᠪᠠᠷ ᠠᠵᠤ ᠠᠬᠤᠶ ᠶᠢᠨ ᠦᠷ᠎ᠡ ᠠᠰᠢᠭ ᠡᠭᠦᠳᠴᠦ ᠨᠢᠭᠡᠨᠲᠡ ᠨᠢᠭᠡ ᠵᠦᠢᠯ ᠤᠨ ᠠᠵᠤ ᠦᠢᠯᠡᠰ ᠪᠣᠯᠤᠭᠰᠠᠨ ᠪᠠᠶᠢᠨ᠎ᠠ᠃
       ᠮᠡᠳᠡᠭᠡᠵᠢ ᠪᠠᠷ᠂ ᠳᠠᠯᠠᠨ ᠬᠠᠯᠢᠰᠤ ᠪᠣᠯ ᠨᠢᠭᠡ ᠵᠦᠢᠯ ᠤᠨ ᠵᠣᠬᠢᠴᠠᠬᠤ ᠴᠢᠨᠠᠷ ᠢᠶᠠᠷ ᠲᠦᠢᠯ ᠤᠨ ᠴᠢᠩᠭ᠎ᠠ ᠪᠣᠳᠠ ᠮᠣᠳᠣᠨ ᠤ ᠤᠷᠭᠤᠮᠠᠯ ᠪᠠᠶᠢᠵᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ︽ᠠᠮᠢ ᠠᠬᠤᠶ ᠶᠢᠨ ᠬᠠᠮᠠᠭᠠᠯᠠᠭᠴᠢ︾ ᠪᠣᠯᠬᠤ ᠪᠠᠷ ᠪᠠᠷᠠᠬᠤ ᠥᠬᠡᠶ ᠪᠠᠰᠠ ᠨᠡᠯᠢᠶᠡᠳ ᠥᠨᠳᠥᠷ ᠠᠵᠤ ᠠᠬᠤᠶ ᠶᠢᠨ ᠦᠨ᠎ᠡ ᠥᠷᠲᠡᠭ ᠲᠠᠢ ᠶᠤᠮ᠃ ᠲᠡᠭᠦᠨ ᠤ ᠨᠢᠯᠬ᠎ᠠ ᠨᠠᠪᠴᠢ ᠨᠢ ᠰᠢᠯᠢᠳᠡᠭ ᠡᠪᠡᠰᠦ ᠪᠣᠷᠳᠤᠭ᠎ᠠ ᠪᠠᠶᠢᠵᠤ᠂ ᠰᠢᠮ᠎ᠡ ᠲᠡᠵᠢᠭᠡᠯ ᠤᠨ ᠦᠨ᠎ᠡ ᠥᠷᠲᠡᠭ ᠥᠨᠳᠥᠷ᠂ ᠦᠷ᠎ᠡ ᠠᠴᠠ ᠨᠢ ᠲᠣᠰᠣ ᠰᠢᠬᠠᠨ ᠪᠣᠷᠣᠯᠠᠭᠤᠯᠵᠤ ᠪᠣᠯᠬᠤ ᠮᠥᠷᠲᠡᠭᠡᠨ ᠴᠡᠴᠡᠭᠯᠡᠬᠦ ᠬᠤᠭᠤᠴᠠᠭ᠎ᠠ ᠨᠢ ᠣᠷᠳᠣ᠂ ᠥᠩᠭᠡ ᠢᠯᠭᠠᠷᠠᠮ᠎ᠠ ᠪᠣᠯᠬᠤᠷ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠣᠯᠤᠨ᠎ᠠ᠃
       ᠡᠮᠦᠨ᠎ᠡ ᠲᠥᠭᠦᠷᠢᠭ ᠭᠠᠴᠠᠭ᠎ᠠ ᠨᠢ ᠳᠠᠯᠠᠨ ᠬᠠᠯᠢᠰᠤ ᠶᠢᠨ ᠲᠠᠷᠢᠵᠤ ᠤᠷᠭᠤᠭᠤᠯᠬᠤ ᠬᠡᠪᠴᠢᠶ᠎ᠡ ᠪᠠᠨ ᠥᠷᠭᠡᠳᠬᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠣᠯᠭᠡᠵᠢᠭᠦᠯᠵᠤ᠂ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠣᠶ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号