ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠦᠪᠦᠷ ᠵᠠᠰᠠᠭ ᠲᠠᠷᠬᠠᠭᠠᠭᠰᠠᠨ ﹇2025﹈ 1 ᠳ᠋ᠦ᠋ᠭᠡᠷ ᠲᠣᠭᠠᠲᠤ | 2025 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ | ᠠ᠊ᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠳᠤᠷᠤᠭᠰᠢ | ᠪᠠᠭᠤᠯᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | 2025 ᠣᠨ ᠤ 2 ᠳ᠋ᠤᠭᠠᠷ ᠰᠠᠷ᠎ᠠ ᠶᠢᠨ 5 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠪᠣᠯᠣᠨ᠎ᠠ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠵᠦ | ᠪᠠᠶᠢᠷᠢᠰᠢᠭᠤᠯᠬᠤ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠬᠢᠭᠡᠳ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2025 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ | ᠲᠣᠭᠲᠠᠭᠤᠨ ᠤ ᠳᠤᠮᠳᠠ ᠣᠷᠤᠭᠰᠢᠯᠠᠨ ᠳᠠᠪᠰᠢᠬᠤ᠂ ᠲᠥᠪ ᠶᠤᠰᠤ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ | ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠦᠯᠦᠪᠯᠡᠨ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠳᠠᠪᠰᠢᠬᠤ︾ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠤᠳᠤᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃ | 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ | ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠶᠢ 2% ᠣᠷᠴᠢᠮ | ᠪᠠᠶᠢᠯᠭᠠᠨ᠎ᠠ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠠᠬᠢ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠨᠢᠭᠡ᠂ ︽ᠲᠠᠪᠤᠨ ᠶᠡᠭᠡ ᠡᠭᠦᠷᠭᠡ︾ ᠶᠢ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠵᠤ᠂ ᠪᠥᠬᠦ | ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ | ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠦᠯ ᠳᠤ ᠲᠣᠳᠣᠷᠬᠠᠶᠢᠯᠠᠭᠰᠠᠨ 2025 ᠣᠨ ᠤ | ᠬᠠᠷᠠᠯᠲᠠᠲᠤ ᠡᠭᠦᠷᠭᠡ ᠶᠢ ᠡᠷᠡᠰ ᠭᠤᠶᠢᠪᠢᠰᠢ ᠥᠬᠡᠶ ᠪᠡᠶᠡᠯᠡᠭᠦᠯᠦᠨ᠎ᠡ᠃ | ︵ᠨᠢᠭᠡ︶ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ᠃ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ︾ ᠶᠢ ᠳᠠᠷᠤᠮᠠᠯᠯᠠᠨ | ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠢᠮ ᠤᠨ | ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠳᠤ ᠴᠢᠬᠤᠯᠠ ᠦᠷ᠎ᠡ ᠪᠦᠲᠦᠭᠡᠯ ᠤᠯᠬᠤ ᠶᠢ | ᠠᠬᠢᠭᠤᠯᠤᠨ᠂ 2000 ᠭᠠᠷᠤᠢ ᠲᠦᠮᠡᠨ ᠮᠥ ᠡᠯᠡᠰᠦ ᠶᠢ ᠵᠠᠰᠠᠬᠤ ᠶᠢ ᠪᠡᠶᠡᠯᠡᠭᠦᠯᠵᠦ᠂ ᠡᠯᠡᠰᠦᠨ ᠴᠦᠯ ᠢ | ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠲᠷ ᠪᠥᠲᠥᠭᠡᠨ ᠪᠠᠶᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠨ ᠨᠢᠭᠡ ᠴᠤᠭᠴᠠᠵᠢᠭᠤᠯᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ 2024 ᠣᠨ ᠤ 2727 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠲᠦᠷᠦᠯ ᠵᠦᠢᠯ ᠢᠶᠠᠨ ᠪᠦᠬᠦᠨ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ 1500 ᠲᠦᠮᠡᠨ ᠺᠢᠯᠣᠸᠠᠲ ᠰᠢᠨ᠎ᠡ ᠪᠠᠷ ᠪᠠᠶᠢᠭᠤᠯᠵᠤ᠂ 140 ᠲᠦᠮᠡᠨ ᠮᠦ ᠡᠯᠡᠰᠦᠵᠢᠭᠰᠡᠨ | ᠭᠠᠵᠠᠷ ᠰᠢᠷᠣᠶ ᠶᠢ ᠵᠠᠰᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠨᠤᠭᠤ ᠭᠠᠵᠠᠷ ᠤᠨ ᠠᠮᠢ ᠠᠬᠤᠶ ᠶᠢᠨ | ᠰᠢᠰᠲ᠋ᠧᠮ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠯᠠᠱᠠ | ᠠᠭᠤᠯᠠ ᠪᠠ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠶᠢ ᠨᠢ ᠠᠬᠢᠭᠤᠯᠤᠨ᠎ᠠ᠃ | ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠭᠤᠷᠪᠠᠨ ᠵᠢᠯ ᠤᠨ | ᠠᠵᠢᠯᠯᠠᠭᠠᠨ ᠢ ᠠᠬᠢᠭᠤᠯᠤᠨ᠎ᠠ᠃ ᠴᠡᠯᠮᠡᠭ ᠲᠩᠷᠢ᠂ ᠲᠤᠩᠭᠠᠯᠠᠭ ᠤᠰᠤ᠂ ᠴᠡᠪᠡᠷ ᠬᠦᠷᠦᠰᠦᠨ ᠤ ᠬᠠᠮᠠᠭᠠᠯᠠᠯᠲᠠ ᠶᠢᠨ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠦᠷᠢᠮ ᠲᠣᠭᠲᠠᠴᠠ ᠶᠢ ᠨᠢ ᠪᠦᠷᠢᠨᠰᠢᠬᠦᠯᠦᠨ᠂ ᠴᠡᠪᠡᠷ ᠰᠠᠶᠢᠨ | ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠪᠠᠶᠢᠯᠭᠠᠵᠤ᠂ ᠤᠯᠤᠰ ᠤᠨ ᠭᠠᠵᠠᠷ | ᠳᠡᠭᠡᠷᠡᠬᠢ ᠤᠰᠤ ᠶᠢ ᠰᠢᠯᠭᠠᠨ ᠬᠢᠨᠠᠬᠤ ᠤᠭᠲᠤᠯᠤᠭᠠᠰᠤ ᠳᠠᠬᠢ ᠭᠤᠣᠯᠳᠠᠯᠭ᠎ᠠ ᠪᠣᠯᠬᠤ ᠰᠠᠪᠠ ᠭᠠᠵᠠᠷ ᠤᠨ ᠭᠠᠵᠠᠷ | ᠳᠡᠭᠡᠷᠡᠬᠢ ᠤᠰᠤᠨ ᠤ ᠴᠢᠨᠠᠷ ᠤᠨ III ᠲᠦᠷᠦᠯ ᠤᠨ ᠤᠰᠤᠨ ᠴᠣᠭᠴᠠ ᠳᠤ ᠬᠦᠷᠦᠭᠦᠯᠬᠦ ᠪᠤᠶᠤ ᠡᠭᠦᠨ ᠠᠴᠠ ᠰᠠᠶᠢᠨ | ᠪᠣᠯᠬᠤ ᠬᠠᠷᠢᠴᠠᠯ ᠢ 70% ᠠᠴᠠ ᠳᠠᠪᠠᠭᠤᠯᠤᠨ᠎ᠠ᠃ ︽ᠠᠷᠪᠠᠨ ᠶᠡᠭᠡ ᠬᠦᠨᠳᠡᠢ︾᠂ ︽ᠬᠥᠯᠦᠨ ᠨᠠᠭᠤᠷ | ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠵᠡᠷᠭᠡ ᠭᠤᠤᠯᠳᠠᠯᠭ᠎ᠠ ᠪᠣᠯᠬᠤ ᠭᠤᠤᠯ ᠨᠠᠭᠤᠷ ᠤᠨ | ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠪᠠᠷᠠᠭᠤᠨ ᠯᠢᠶᠣᠤ | ᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠡᠷᠭᠦᠯᠲᠡ ᠶᠢ ᠠᠬᠢᠭᠤᠯᠤᠨ᠂ ᠭᠤᠤᠯᠳᠠᠯᠭ᠎ᠠ ᠪᠣᠯᠬᠤ ᠰᠠᠪᠠ | ᠭᠠᠵᠠᠷ ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ | ᠨᠡᠶᠢᠲᠡᠯᠢᠭ ᠴᠢᠨᠠᠷᠲᠠᠢ ᠲᠠᠯᠠᠪᠤᠷ ᠭᠠᠵᠠᠷ ᠲᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ | ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠲᠤᠰᠬᠠᠶ ᠰᠢᠮᠳᠠᠭᠤᠯᠤᠨ | ᠪᠠᠶᠢᠴᠠᠭᠠᠯᠲᠠ ᠳᠠᠬᠢ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠬᠢᠭᠤᠯᠤᠨ ᠪᠡᠶᠡᠯᠡᠭᠦᠯᠦᠨ᠎ᠡ᠃ | ︵ᠬᠤᠶᠠᠷ︶ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠡᠷᠡᠰ ᠪᠠᠲᠤ ᠪᠠᠬᠢᠵᠢᠭᠦᠯᠦᠨ᠎ᠡ᠃ ᠠᠶᠤᠯ ᠲᠦᠭᠰᠢᠭᠦᠷᠢ ᠶᠢ ᠰᠠᠭᠤᠷᠢ ᠠᠴᠠ ᠨᠢ ᠪᠠᠲᠤᠯᠠᠵᠤ ᠠᠪᠤᠷᠠᠨ ᠲᠤᠰᠠᠯᠠᠬᠤ ᠳᠤ ︽ | ᠭᠤᠷᠪᠠ ᠶᠢ ᠪᠠᠲᠤᠯᠠᠬᠤ︾ ᠠᠷᠭ᠎ᠠ ᠶᠢ ᠨᠠᠶᠢᠳᠠᠪᠤᠷᠢᠵᠢᠭᠤᠯᠤᠨ᠂ ︽ᠭᠤᠷᠪᠠ ᠶᠢ ᠪᠠᠲᠤᠯᠠᠬᠤ︾ ᠶᠢᠨ ᠲᠤᠰᠬᠠᠶ ᠲᠠᠩᠰᠠ᠂ | ᠴᠠᠯᠢᠩ ᠤᠨ ᠲᠤᠰᠬᠠᠶ ᠲᠠᠩᠰᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠪᠠᠲᠤᠯᠠᠬᠤ︾ | ᠶᠢᠨ ᠰᠠᠭᠤᠷᠢ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃ ᠤᠯᠤᠰ ᠤᠨ ᠥᠷᠢ ᠥᠭᠴᠡᠭᠡ ᠶᠢ | ᠠᠷᠢᠯᠭᠠᠬᠤ ᠳᠤ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠠᠬᠢᠨᠳᠠ ᠪᠠᠯᠠ ᠳᠣᠭᠢᠷᠠᠭᠤᠯᠬᠤ | ᠵᠢᠭᠡᠯᠡᠯᠭᠡ ᠶᠢᠨ ᠲᠡᠮᠳᠡᠭᠲᠦ ᠪᠠᠷ ᠦᠯᠡᠳᠡᠭᠡᠯ ᠳᠠᠯᠳᠠ ᠥᠭᠴᠡᠭᠡ ᠶᠢ ᠰᠣᠯᠢᠬᠤ ᠠᠵᠢᠯ ᠢᠶᠠᠨ ᠰᠠᠶᠢᠲᠤᠷ ᠬᠢᠵᠦ᠂ ᠣᠨ ᠤ | ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠳᠠᠯᠳᠠ ᠥᠭᠴᠡᠭᠡ ᠶᠢᠨ | ᠰᠢᠨ᠎ᠡ ᠪᠠᠷ ᠨᠡᠮᠡᠭᠳᠡᠬᠦ ᠶᠢ ᠴᠢᠩᠭ᠎ᠠ ᠴᠠᠭᠠᠵᠠᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠᠨ | ᠴᠢᠩᠭᠠᠷᠠᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠪᠠᠷ | ᠲᠥᠭᠰᠢᠭᠦᠷᠢ ᠪᠠᠨ ᠠᠷᠢᠯᠭᠠᠬᠤ ᠶᠢ ᠠᠬᠢᠭᠤᠯᠤᠨ᠂ ᠥᠪᠥᠷ ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ | ᠫᠠᠶᠢᠰᠠ ᠡᠯᠭᠦᠨ ᠠᠵᠢᠯ ᠡᠬᠢᠯᠡᠭᠦᠯᠬᠦ ᠶᠢ ᠠᠬᠢᠭᠤᠯᠵᠤ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠲᠥᠭᠰᠢᠭᠦᠷᠢ | ᠶᠡᠬᠡᠲᠡᠢ ᠵᠡᠷᠭᠡ ᠳᠡᠰ ᠠᠴᠠ ᠪᠤᠴᠠᠵᠤ ᠭᠠᠷᠬᠤ ᠶᠢ ᠦᠷᠭᠦᠯᠵᠢᠯᠡᠨ ᠠᠬᠢᠭᠤᠯᠤᠨ᠎ᠠ᠃ ᠬᠡᠷ ᠪᠠᠶᠢᠰᠢᠩ ᠭᠠᠵᠠᠷ | ᠬᠥᠷᠥᠩᠭᠡ ᠶᠢᠨ ᠲᠦᠭᠰᠢᠭᠦᠷᠢ ᠶᠢ ᠲᠥᠷᠥᠯ ᠬᠤᠪᠢᠶᠠᠨ ᠰᠢᠢᠳᠪᠦᠷᠢᠯᠡᠨ ᠠᠷᠢᠯᠭᠠᠵᠤ᠂ ᠴᠠᠭ ᠲᠤ ᠪᠠᠨ ᠪᠠᠲᠤᠯᠠᠨ | ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠠᠭ ᠲᠤ ᠪᠠᠨ | ᠪᠠᠲᠤᠯᠠᠨ ᠲᠤᠰᠢᠶᠠᠬᠤ ᠠᠰᠠᠷ ᠤᠨ ᠰᠡᠭᠦᠯ ᠬᠤᠷᠢᠶᠠᠬᠤ ᠠᠵᠢᠯ ᠪᠠ 5000 ᠢᠵᠢ ᠭᠡᠷ ᠪᠠᠶᠢᠰᠢᠩ ᠢ ᠴᠠᠭ ᠲᠤ ᠪᠠᠨ | ᠪᠠᠲᠤᠯᠠᠨ ᠲᠤᠰᠢᠶᠠᠬᠤ ᠡᠭᠦᠷᠭᠡ ᠪᠠᠨ ᠪᠡᠶᠡᠯᠡᠭᠦᠯᠵᠦ᠂ 4000 ᠢᠵᠢ ᠭᠡᠷ ᠪᠠᠶᠢᠰᠢᠩ ᠤᠨ ᠣᠷᠣᠵᠤ ᠰᠠᠭᠤᠬᠤ ᠳᠤ | ᠬᠦᠴᠢᠷ᠂ ᠪᠤᠴᠠᠭᠠᠨ ᠨᠡᠭᠦᠯᠭᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠦᠯᠡᠳᠡᠭᠡᠯ ᠲᠠᠸᠠᠷ ᠤᠨ ᠬᠡᠷ | ᠪᠠᠶᠢᠰᠢᠩ ᠤᠨ ᠰᠢᠢᠳᠪᠦᠷᠢᠯᠡᠬᠦ ᠠᠵᠢᠯ ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ | ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠵᠤ᠂ ᠭᠤᠣᠯᠳᠠᠯᠭ᠎ᠠ | ᠪᠣᠯᠬᠤ ᠠᠵᠢᠯ ᠲᠦᠷᠦᠯ ᠤᠨ ᠬᠦᠷᠢᠶᠡᠨ ᠳᠠᠬᠢ ᠠᠮᠦᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ | ᠴᠢᠩᠭᠠᠳᠬᠠᠨ᠂ ᠬᠦᠨᠳᠦ ᠶᠡᠭᠡ ᠠᠳᠡᠯ ᠤᠨ ᠲᠠᠯᠳᠠ ᠭᠡᠮ ᠢ ᠬᠥᠳᠡᠯᠦᠩᠭᠦᠶ ᠪᠠᠷ ᠠᠷᠢᠯᠭᠠᠬᠤ ᠠᠵᠢᠯ ᠢ ᠦᠷᠭᠦᠯᠵᠢᠯᠡᠨ | ᠠᠬᠢᠭᠤᠯᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠨ᠎ᠠ᠃ ᠢᠳᠡᠭᠡᠨ ᠪᠠ ᠡᠮ ᠤᠨ ᠵᠦᠢᠯ ᠳᠠᠬᠢ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠳᠠᠯᠠᠨ᠎ᠠ᠃ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ | ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠤᠯ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢᠶᠠᠨ ᠪᠠᠶᠢᠩᠭᠤᠰᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠳᠤ ᠰᠢᠰᠲ᠋ᠧᠮ ᠲᠠᠢ | ᠵᠠᠰᠠᠯᠲᠠ ᠬᠢᠬᠦ ᠶᠢ ᠴᠢᠩᠭᠠᠳᠬᠠᠨ᠂ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ︵ᠭᠤᠷᠪᠠ︶ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠡᠨᠧᠷᠭᠢ ᠶᠢᠨ ᠦᠢᠯᠡᠳᠪᠦᠷᠢᠯᠡᠯ | ᠬᠠᠩᠭᠠᠯᠭ᠎ᠠ ᠪᠠ ᠴᠢᠳᠠᠪᠤᠷᠢ ᠶᠢᠨ ᠨᠥᠭᠡᠴᠡ ᠶᠢ ᠨᠢᠭᠡᠳᠦᠯᠲᠡᠶ ᠲᠥᠯᠥᠪᠯᠡᠵᠦ᠂ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠨᠢ | ᠳᠡᠭᠡᠭᠰᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠂ ᠨᠡᠭᠦᠷᠡᠰᠦᠨ ᠠᠭᠤᠷᠬᠠᠶ ᠶᠢᠨ ᠣᠷᠣᠨ ᠤ ᠶᠡᠷᠦᠩᠬᠡᠶ | ᠲᠥᠯᠥᠪᠵᠢᠭᠦᠯᠭᠡ ᠶᠢᠨ ᠴᠣᠬᠤᠯᠠᠪᠤᠷᠢ ᠶᠢ ᠲᠦᠷᠭᠡᠳᠬᠡᠨ ᠠᠬᠢᠭᠤᠯᠵᠤ᠂ ᠤᠯᠤᠰ ᠤᠨ ᠰᠢᠨ᠎ᠡ ᠪᠠᠷ ᠬᠢᠨᠠᠨ | ᠵᠥᠪᠰᠢᠶᠡᠷᠡᠭᠰᠡᠨ ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ 3000 ᠲᠦᠮᠡᠨ ᠲᠣᠨ ᠠᠴᠠ ᠳᠡᠭᠡᠭᠰᠢ᠂ ᠪᠥᠬᠦ | ᠵᠢᠯ ᠤᠨ ᠨᠡᠭᠦᠷᠡᠰᠦᠨ ᠤ ᠭᠠᠷᠤᠯᠲᠠ ᠶᠢ 12 ᠳ᠋ᠦᠩᠰᠢᠭᠤᠷ ᠲᠣᠨ ᠠᠴᠠ ᠳᠡᠭᠡᠭᠰᠢ ᠳᠤ ᠬᠦᠷᠦᠭᠦᠯᠬᠦ᠂ ᠨᠡᠭᠦᠷᠡᠰᠦᠨ ᠤ | ᠦᠢᠯᠡᠳᠪᠦᠷᠢᠯᠡᠬᠦ ᠴᠢᠳᠠᠮᠵᠢ ᠶᠢᠨ ᠨᠥᠭᠡᠴᠡ ᠶᠢ 2000 ᠲᠦᠮᠡᠨ ᠲᠣᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ᠂ | ᠲᠦᠭᠦᠬᠡᠶ ᠴᠢᠯᠠᠭᠤᠨ ᠲᠣᠰᠣᠨ ᠤ ᠭᠠᠷᠤᠯᠲᠠ ᠶᠢ 310 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ᠂ | ᠪᠠᠶᠢᠭᠠᠯᠢ ᠶᠢᠨ ᠰᠢᠲᠠᠮᠠᠬᠠᠶ ᠬᠡᠶ ᠶᠢᠨ ᠭᠠᠷᠤᠯᠲᠠ ᠶᠢ 310 ᠳ᠋ᠦᠩᠰᠢᠭᠤᠷ ᠺᠦᠪ ᠮᠧᠲᠷ ᠣᠷᠴᠢᠮ ᠳᠤ | ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠨᠡᠭᠦᠷᠡᠰᠦ ᠴᠠᠬᠢᠯᠭᠠᠨ᠂ ᠴᠠᠬᠢᠯᠭᠠᠨ ᠬᠦᠴᠦᠨ ᠤ ᠲᠣᠤᠷ ᠵᠡᠷᠭᠡ | ᠡᠨᠧᠷᠭᠢ ᠶᠢᠨ ᠲᠥᠷᠥᠯ ᠵᠦᠢᠯ ᠢ ᠲᠦᠯᠦᠪᠵᠢᠭᠦᠯᠭᠡ ᠳᠤ ᠣᠷᠣᠭᠤᠯᠬᠤ ᠪᠠᠷ ᠲᠦᠷᠭᠡᠳᠬᠡᠨ ᠠᠬᠢᠭᠤᠯᠵᠤ᠂ ᠦᠬᠠᠶ᠂ | ᠤᠯᠠᠭᠠᠨᠬᠠᠳᠠ᠂ ᠪᠠᠶᠠᠨᠨᠠᠭᠤᠷ ᠤᠨ ᠤᠰᠤ ᠲᠠᠲᠠᠵᠤ ᠡᠨᠧᠷᠭᠢ ᠨᠦᠬᠡᠴᠡᠯᠡᠬᠦ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 400 | ᠲᠦᠮᠡᠨ ᠺᠢᠯᠣᠸᠠᠲ ᠠᠴᠠ ᠳᠡᠭᠡᠭᠰᠢ᠂ 500 ᠺᠢᠯᠤᠸᠣᠯᠲ ᠤᠨ ᠴᠠᠬᠢᠯᠭᠠᠨ ᠬᠦᠴᠦᠨ ᠤ ᠲᠣᠤᠷ ᠤᠨ 15 ᠲᠥᠷᠥᠯ | ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ ᠴᠠᠬᠢᠯᠭᠠᠨ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ | ᠠᠶᠠᠳᠠᠨ ᠬᠠᠮᠵᠢᠬᠤ ᠳᠠᠭᠠᠬᠤ ᠴᠢᠳᠠᠪᠤᠷᠢ ᠶᠢ ᠬᠠᠮᠤᠭ ᠤᠨ ᠶᠡᠭᠡ ᠴᠠᠬᠢᠯᠭᠠᠨ ᠬᠡᠷᠡᠭᠯᠡᠬᠦ ᠳᠠᠭᠠᠭᠠᠴᠠ ᠶᠢᠨ 5% ᠳᠤ | ᠬᠦᠷᠦᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠲᠠᠯ᠎ᠠ ᠪᠠᠷ ᠰᠢᠪᠲᠤᠯᠤᠯᠲᠠ ᠭᠠᠷᠭᠠᠬᠤ | ᠪᠠᠶᠢᠯᠳᠤᠬᠤ ᠪᠤᠳᠤᠯᠭ᠎ᠠ ᠶᠢᠨ ᠠᠵᠢᠯᠯᠠᠭᠠᠨ ᠢ ᠬᠦᠴᠦᠲᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠠᠴᠠ ᠪᠠᠭᠤᠯᠭᠠᠭᠰᠠᠨ ᠴᠢᠯᠠᠭᠤᠨ ᠲᠤᠰᠤ ᠰᠢᠲᠠᠮᠠᠬᠠᠶ | ᠬᠡᠢ ᠶᠢᠨ ᠪᠤᠰᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ 13 ᠵᠦᠢᠯ ᠤᠨ ᠠᠭᠤᠷᠬᠠᠶ ᠶᠢᠨ ᠭᠠᠷᠤᠯᠲᠠ ᠶᠢᠨ ᠠᠭᠤᠷᠬᠠᠶ | ᠬᠠᠶᠢᠬᠤ ᠡᠭᠦᠷᠭᠡ ᠶᠢ ᠦᠨᠡᠨ ᠬᠦ ᠪᠡᠶᠡᠯᠡᠭᠦᠯᠦᠨ᠎ᠡ᠃ | ︵ᠳᠥᠷᠪᠡ︶ ᠤᠯᠤᠰ ᠤᠨ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠯᠠᠬᠤ ᠭᠠᠵᠠᠷ ᠤᠨ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠪᠠᠨ ᠴᠢᠩᠳᠠᠯᠠᠨ᠎ᠠ᠃ ᠠᠮᠤ ᠪᠤᠳᠠᠭ᠎ᠠ ᠪᠠ ᠴᠢᠬᠤᠯᠠ ᠪᠣᠯᠬᠤ | ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢᠶᠠᠨ | ᠰᠠᠶᠢᠲᠤᠷ ᠠᠳᠬᠤᠵᠤ᠂ ᠠᠮᠤ ᠪᠤᠳᠠᠭ᠎ᠠ ᠨᠥᠭᠡᠴᠡᠯᠡᠬᠦ ᠪᠠᠲᠤᠯᠠᠭ᠎ᠠ ᠶᠢᠨ ᠴᠢᠳᠠᠪᠤᠷᠢ ᠪᠠ ᠴᠠᠭ ᠠᠭᠤᠷ ᠤᠨ ᠭᠠᠮᠰᠢᠭ ᠢ | ᠰᠡᠷᠭᠡᠶᠢᠯᠡᠨ ᠬᠤᠷᠢᠭᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠢᠳᠡᠰᠢᠨ ᠲᠣᠰᠣᠨ ᠤ ᠲᠠᠯᠠᠪᠠᠢ ᠨᠢᠭᠡᠴᠢ ᠶᠢᠨ | ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠪᠠ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭᠠᠨ ᠢ ᠭᠦᠨᠵᠡᠭᠡᠶ ᠬᠡᠷᠡᠭᠵᠢᠭᠦᠯᠦᠨ᠂ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 1000 ᠲᠦᠮᠡᠨ ᠮᠥ᠂ ︽ᠲᠣᠨ ᠤᠨᠠᠯᠲᠠ ᠲᠠᠢ | ᠲᠠᠷᠢᠶ᠎ᠠ︾ ᠶᠢ 900 ᠲᠦᠮᠡᠨ ᠮᠥ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠥ᠂ | ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ 2500 ᠲᠦᠮᠡᠨ ᠮᠥ ᠰᠢᠨ᠎ᠡ ᠪᠠᠷ | ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ | ᠲᠠᠯᠠᠪᠠᠶ ᠶᠢ ᠨᠢ 280 ᠲᠦᠮᠡᠨ ᠮᠥ ᠳᠤ ᠬᠦᠷᠦᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ ᠳ᠋ᠦᠩᠰᠢᠭᠤᠷ | ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ 800 ᠳ᠋ᠦᠩᠰᠢᠭᠤᠷ ᠵᠢᠩ ᠠᠴᠠ | ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠮᠠᠯ ᠠᠵᠤ ᠠᠬᠤᠶ ᠳᠤ ︽ᠮᠠᠯ ᠤᠨ ᠪᠤᠳᠠᠭᠠᠯᠢ ᠪᠡᠶ᠎ᠡ ᠶᠢᠨ | ᠭᠠᠷᠤᠯᠲᠠ ᠶᠢ ᠳᠡᠭᠡᠭᠰᠢᠯᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠨᠢ | ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠤᠨ᠂ ᠬᠠᠰᠢᠶᠠᠯᠠᠨ ᠲᠡᠵᠢᠭᠡᠬᠦ ᠪᠠ | ᠬᠠᠭᠠᠰ ᠬᠠᠰᠢᠶᠠᠯᠠᠨ ᠲᠡᠵᠢᠭᠡᠬᠦ᠂ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠳᠡᠯᠭᠡᠷᠡᠭᠦᠯᠵᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ | 500 ᠲᠦᠮᠡᠨ ᠺᠦᠸᠠᠳ᠋ ᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ︽ᠰᠦ ᠰᠠᠭᠠᠯᠢ ᠶᠢᠨ 33 ᠵᠤᠷᠪᠤᠰ︾ | ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ 8 ᠬᠤᠰᠢᠭᠤ | ᠰᠢᠶᠠᠨ ᠳᠤ ᠪᠦᠬᠦ ᠬᠤᠰᠢᠭᠤ ᠰᠢᠶᠠᠨ ᠢᠶᠠᠷ ᠢᠶᠠᠨ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ | ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠵᠢᠯ ᠤᠨ ᠮᠢᠬ᠎ᠠ ᠰᠦ ᠶᠢᠨ ᠭᠠᠷᠤᠯᠲᠠ ᠶᠢ 60 | ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠬᠤ ᠪᠠᠷ | ᠴᠢᠷᠮᠠᠶᠢᠨ᠎ᠠ᠃ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ 600 ᠲᠦᠮᠡ᠂ ᠰᠢᠯᠢᠳᠡᠭ | ᠡᠭᠦᠯᠳᠡᠷ ᠤᠨ ᠬᠤᠴᠠ ᠶᠢ 8 ᠲᠦᠮᠡ ᠪᠤᠶᠢᠵᠢᠭᠤᠯᠤᠨ ᠳᠡᠯᠭᠡᠷᠡᠭᠦᠯᠵᠦ᠂ ᠤᠯᠤᠰ ᠤᠨ ᠲᠡᠰ ᠤᠨ ᠡᠭᠦᠯᠳᠡᠷ | ᠪᠣᠶᠢᠵᠢᠭᠤᠯᠬᠤ ᠭᠤᠣᠯᠯᠠᠬᠤ ᠲᠠᠯᠠᠪᠠᠢ ᠶᠢ 2 - 3 ᠰᠢᠨ᠎ᠡ ᠪᠠᠷ ᠪᠠᠶᠢᠭᠤᠯᠵᠤ᠂ 1 - 2 ᠡᠭᠦᠯᠳᠡᠷ ᠢ ᠤᠯᠤᠰ ᠤᠨ | ᠭᠤᠣᠯ ᠪᠤᠶᠢᠵᠢᠭᠤᠯᠤᠨ ᠳᠡᠯᠭᠡᠷᠡᠭᠦᠯᠬᠦ ᠡᠭᠦᠯᠳᠡᠷ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠨ᠎ᠠ᠃ ᠬᠥᠬᠡ | ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠨᠣᠬᠠᠶ ᠶᠢᠨ ᠬᠤᠰᠢᠭᠤ᠂ ᠬᠢᠶᠠᠭ ᠵᠡᠷᠭᠡ ᠲᠠᠷᠢᠮᠠᠯ ᠲᠡᠵᠢᠭᠡᠯ | ᠡᠪᠡᠰᠦ ᠶᠢᠨ ᠲᠠᠯᠠᠪᠠᠶ ᠶᠢ 2000 ᠲᠦᠮᠡᠨ ᠮᠥ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠥᠬᠦ ᠵᠢᠯ ᠳᠤ ᠡᠯ᠎ᠡ | ᠲᠥᠷᠥᠯ ᠤᠨ ᠲᠡᠵᠢᠭᠡᠯ ᠡᠪᠡᠰᠦ ᠬᠠᠩᠭᠠᠬᠤ ᠴᠢᠳᠠᠪᠤᠷᠢ ᠪᠠᠨ 7500 ᠲᠦᠮᠡᠨ ᠲᠣᠨ ᠠᠴᠠ ᠳᠡᠭᠡᠭᠰᠢ ᠪᠠᠶᠢᠯᠭᠠᠬᠤ ᠶᠢ | ᠪᠠᠲᠤᠯᠠᠨ᠎ᠠ᠃ ︽ᠦᠪᠦᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠭᠦᠨᠵᠡᠭᠡᠶᠢᠷᠡᠭᠦᠯᠦᠨ | ᠥᠷᠭᠡᠳᠬᠡᠨ᠎ᠡ᠃ ︽ᠨᠡᠷᠡᠲᠡᠢ ᠣᠨᠴᠠᠭᠠᠢ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠢ 100 | ᠪᠣᠶᠢᠵᠢᠭᠤᠯᠤᠨ ᠮᠠᠭᠠᠳᠯᠠᠨ ᠲᠣᠭᠲᠠᠭᠠᠯᠭᠠᠵᠤ᠂ ᠪᠦᠬᠦ ᠤᠯᠤᠰ ᠤᠨ ᠭᠤᠣᠯᠳᠠᠯᠭ᠎ᠠ ᠪᠣᠯᠬᠤ ᠬᠤᠳᠠ ᠳᠤ ᠭᠡᠷ ᠤᠨ | ᠲᠡᠵᠢᠭᠡᠪᠦᠷᠢ ᠶᠢᠨ ᠰᠢᠯᠢᠳᠡᠭ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠲᠥᠪ ᠢ 5 ᠪᠠ ᠤᠷᠢᠳᠠᠴᠢ ᠬᠥᠮᠥᠷᠭᠡ ᠶᠢ 6 | ᠪᠠᠶᠢᠷᠢᠯᠠᠭᠤᠯᠵᠤ ᠪᠠᠶᠢᠭᠤᠯᠤᠨ᠎ᠠ᠃ | ︵ᠲᠠᠪᠤ︶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠦᠷᠭᠦᠯᠵᠢᠯᠡᠨ ᠴᠣᠭᠴᠠᠯᠠᠨ᠎ᠠ᠃ | ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠦᠷᠢᠮ ᠤᠨ ᠰᠢᠨ᠎ᠡ ᠡᠭᠦᠳᠦᠯᠲᠡ ᠲᠠᠢ ᠦᠷ᠎ᠡ | ᠪᠦᠲᠦᠭᠡᠯ ᠢᠶᠠᠷ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠶᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠳᠤ ᠨᠠᠩ ᠭᠦᠨᠵᠡᠭᠡᠢ ᠣᠷᠣᠯᠴᠠᠵᠤ᠂ ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠤᠯᠠᠮ | ᠨᠢᠭᠡ ᠠᠯᠬᠤᠮ ᠥᠷᠭᠡᠳᠬᠡᠨ᠂ ᠣᠷᠣᠰ ᠤᠨ ᠭᠠᠳᠠᠭᠠᠳᠤ ᠪᠠᠶᠢᠭᠠᠯ ᠤᠨ ᠬᠡᠳᠦ ᠬᠤᠰᠢᠭᠤᠷᠬᠠᠴᠢ ᠬᠥᠭᠵᠢᠯᠲᠡ ᠶᠢᠨ | ᠣᠷᠣᠨ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠮᠣᠩᠭᠤᠯ ᠤᠯᠤᠰ ᠤᠨ ᠰᠢᠨ᠎ᠡ ᠡᠨᠧᠷᠭᠢ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠦᠭᠡᠷᠡᠴᠢᠯᠡᠨ | ᠰᠢᠨᠡᠳᠭᠡᠬᠦ ᠪᠠ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠡᠷᠭᠡ ᠬᠦᠷᠢᠶᠡᠨ ᠤ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠣᠷᠤᠯᠴᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 2200 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠬᠢᠯᠢ ᠶᠢᠨ ᠪᠣᠭᠤᠮᠲᠠ ᠶᠢᠨ ᠲᠡᠭᠡᠭᠡᠪᠦᠷᠢ ᠶᠢᠨ | ᠬᠡᠮᠵᠢᠶ᠎ᠡ ᠶᠢ 1.3 ᠳ᠋ᠦᠩᠰᠢᠭᠤᠷ ᠲᠣᠨ ᠠᠴᠠ ᠳᠠᠪᠠᠭᠤᠯᠤᠨ᠎ᠠ᠃ ᠮᠠᠨᠵᠤᠤᠷ ᠲᠡᠮᠦᠷ ᠵᠠᠮ ᠤᠨ ᠬᠢᠯᠢ ᠶᠢᠨ | ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠦ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ᠂ ᠡᠷᠢᠶᠡᠨ | ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ᠂ ᠮᠠᠨᠳᠤᠯ ᠬᠢᠯᠢ ᠶᠢᠨ | ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ᠂ ᠭᠠᠭᠴᠠᠮᠤᠲᠤ ᠬᠢᠯᠢ ᠰᠤᠨᠳᠠᠯᠠᠭᠰᠠᠨ ᠲᠡᠮᠦᠷ ᠵᠠᠮ ᠤᠨ | ᠶᠡᠭᠡ ᠬᠥᠭᠦᠷᠭᠡ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠮᠵᠢᠯᠴᠠᠭᠠᠨ ᠤ | ᠲᠣᠭᠲᠠᠴᠠ ᠶᠢ ᠪᠦᠷᠢᠨᠰᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡ᠂ ︽ᠰᠢᠨ᠎ᠡ ᠭᠤᠷᠪᠠᠨ ᠵᠦᠢᠯ︾᠂ ᠵᠠᠪᠰᠠᠷ ᠤᠨ | ᠪᠦᠲᠦᠭᠡᠭᠳᠡᠭᠦᠨ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ | ᠥᠷᠭᠡᠳᠬᠡᠨ᠂ ᠦᠢᠯᠡᠴᠢᠯᠡᠭᠡᠨ ᠤ ᠠᠷᠠᠯᠵᠢᠶ᠎ᠠ ᠶᠢᠨ ᠤᠨᠴᠠᠯᠢᠬᠳᠤ ᠳᠠᠪᠠᠭᠤᠯᠢᠭ ᠠᠵᠤ ᠦᠢᠯᠡᠰ ᠢ ᠢᠳᠡᠪᠬᠢᠲᠡᠶ | ᠪᠣᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠬᠥᠮᠥᠷᠭᠡ ᠶᠢ ᠪᠣᠢ ᠪᠣᠯᠭᠠᠬᠤ ᠶᠢ | ᠦᠷᠭᠦᠯᠵᠢᠯᠡᠨ ᠥᠷᠨᠢᠭᠦᠯᠵᠦ᠂ ᠪᠣᠬᠢᠷᠲᠤᠯ ᠥᠬᠡᠶ ᠠᠷᠠᠯᠵᠢᠶ᠎ᠠ᠂ ᠳ᠋ᠢᠬᠢᠲ ᠠᠷᠠᠯᠵᠢᠶ᠎ᠠ ᠶᠢ ᠬᠥᠭᠵᠢᠭᠦᠯᠦᠨ᠂ ᠬᠢᠯᠢ ᠶᠢᠨ | ᠠᠷᠠᠳ ᠤᠨ ᠬᠠᠷᠢᠯᠴᠠᠨ ᠮᠠᠶᠢᠮᠠᠶᠢᠯᠠᠬᠤ ᠠᠷᠠᠯᠵᠢᠶ᠎ᠠ ᠶᠢᠨ ᠬᠡᠪᠴᠢᠶᠡᠵᠢᠯ ᠢ ᠨᠢ ᠪᠣᠵᠠᠭᠠᠶᠢᠷᠠᠭᠤᠯᠬᠤ ᠶᠢ ᠠᠬᠢᠭᠤᠯᠵᠤ᠂ | ᠮᠠᠨᠵᠦᠦᠷ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠠᠷᠠᠯᠵᠢᠶ᠎ᠠ ᠶᠢ | ᠪᠣᠲᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ ᠰᠢᠨ᠎ᠡ ᠬᠡᠯᠪᠡᠷᠢ ᠶᠢᠨ ᠪᠠᠷᠠᠭ᠎ᠠ ᠰᠣᠯᠢᠯᠴᠠᠬᠤ | ᠠᠷᠠᠯᠵᠢᠶ᠎ᠠ ᠶᠢ ᠰᠦᠪᠡᠭᠴᠢᠯᠡᠨ ᠥᠷᠨᠢᠭᠦᠯᠦᠨ᠎ᠡ᠃ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠠᠰ ᠢ ᠨᠢ | ᠳᠡᠭᠡᠭᠰᠢᠯᠡᠭᠦᠯᠵᠦ ᠪᠠᠶᠢᠷᠢ ᠶᠢ ᠨᠢ ᠳᠡᠪᠰᠢᠭᠦᠯᠬᠦ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ | ᠨᠡᠮᠡᠭᠳᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠮᠠᠨᠵᠦᠦᠷ᠂ ᠡᠷᠢᠶᠡᠨ | ᠬᠤᠲᠠ ᠶᠢᠨ ᠤᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠬᠦ ᠶᠢᠨ ᠬᠠᠮᠲᠤ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ᠎ᠡ᠃ ᠣᠷᠣᠨ ᠤ ᠳᠣᠲᠣᠷᠠᠬᠢ ᠳᠤᠮᠳᠠᠳᠤ | ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠬᠡᠮᠵᠢᠶ᠎ᠡ ᠶᠢ ᠨᠢ ᠨᠡᠮᠡᠭᠳᠡᠭᠦᠯᠦᠨ ᠪᠠᠭᠲᠠᠭᠠᠮᠵᠢ ᠶᠢ ᠨᠢ | ᠥᠷᠭᠡᠳᠬᠡᠬᠦ ᠶᠢ ᠠᠬᠢᠭᠤᠯᠵᠤ᠂ ︽ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡ + ᠵᠠᠮ ᠳᠠᠭᠠᠤ ᠶᠢᠨ | ᠬᠤᠲᠠ + ᠬᠢᠯᠢ ᠳᠠᠭᠠᠤ ᠶᠢᠨ ᠪᠣᠭᠤᠮᠲᠠ︾ ᠶᠢᠨ ᠬᠡᠪ ᠵᠠᠭᠪᠤᠷ ᠢ ᠶᠡᠭᠡ ᠪᠠᠷ ᠬᠥᠭᠵᠢᠭᠦᠯᠦᠨ᠂ ᠳᠤᠮᠳᠠᠳᠤ | ᠧᠦ᠋ᠷᠣᠫᠠ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ ᠳᠠᠪᠠᠭᠤᠯᠤᠨ᠎ᠠ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠ ᠭᠠᠳᠠᠭᠠᠳᠤ ᠳᠠᠬᠢ ᠠᠰᠢᠭ ᠲᠤᠰᠠ ᠶᠢᠨ ᠬᠠᠮᠠᠭᠠᠯᠠᠯᠲᠠ ᠶᠢ ᠪᠠᠨ ᠴᠢᠩᠭᠠᠳᠬᠠᠨ᠎ᠠ᠃ | ᠬᠤᠶᠠᠷ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠢ | ᠬᠡᠷᠡᠭᠵᠢᠭᠦᠯᠵᠦ᠂ ︽ᠵᠢᠰᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠪᠠ | ᠬᠢᠯᠢ ᠬᠢᠵᠠᠭᠠᠷ ᠢᠶᠠᠨ ᠪᠠᠬᠢᠵᠢᠭᠦᠯᠦᠨ ᠬᠥᠭᠵᠢᠭᠦᠯᠵᠦ ᠬᠢᠯᠢ ᠶᠢᠨ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠦᠯᠦᠪᠯᠡᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠬᠦᠴᠦᠯᠡᠨ ᠠᠬᠢᠭᠤᠯᠤᠨ᠎ᠠ᠃ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ | ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠤᠨ ᠴᠢᠬᠤᠯᠠ ᠶᠡᠭᠡ ᠣᠨᠣᠯ ᠪᠠ | ᠦᠢᠯᠡᠳᠦᠯᠭᠡ ᠶᠢᠨ ᠠᠰᠠᠭᠤᠳᠠᠯ ᠤᠨ ᠰᠤᠳᠤᠯᠤᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠭᠰᠠᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ | ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ | ᠲᠦᠮᠡᠨᠴᠢ ᠬᠥᠮᠦᠵᠢᠯ ᠤᠨ ᠦᠢᠯᠡᠳᠦᠯᠭᠡ ᠶᠢ ᠪᠠᠶᠢᠩᠭᠤᠰᠢᠭᠤᠯᠤᠨ ᠦᠷᠨᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ | ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠲᠣᠶᠢᠮᠤᠴᠢᠯᠠᠯ︾ ᠤᠨ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ | ᠰᠤᠷᠤᠯᠴᠠᠬᠤ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠵᠦ᠂ ︽ᠡᠶ᠎ᠡ ᠨᠠᠶᠢᠷᠠᠮᠳᠠᠭᠤ ᠤᠮᠠᠷᠠᠲᠤ | ᠬᠢᠯᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ ᠦᠷᠨᠢᠭᠦᠯᠦᠨ᠎ᠡ᠃ | ︵ᠬᠤᠶᠠᠷ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠢ | ᠬᠡᠷᠡᠭᠵᠢᠭᠦᠯᠦᠨ᠎ᠡ᠃ ᠣᠨᠣᠯ ᠤᠨ ᠰᠤᠳᠤᠯᠭᠠᠨ ᠢ ᠭᠦᠨᠵᠡᠭᠡᠶ ᠪᠥᠭᠡᠳ ᠪᠣᠳᠠᠲᠠᠶ ᠪᠠᠷ ᠬᠢᠵᠦ᠂ ᠥᠨᠳᠥᠷ ᠬᠢᠷᠢ | ᠲᠦᠪᠰᠢᠨ ᠪᠥᠬᠦᠶ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠤᠨ ᠤᠮᠠᠷᠠᠲᠤ ᠬᠢᠯᠢ ᠶᠢᠨ ᠰᠣᠶᠣᠯ ᠤᠨ ᠲᠡᠤᠬᠡ ᠶᠢᠨ | ᠡᠬᠢ ᠰᠤᠷᠪᠤᠯᠵᠢ᠂ ᠬᠥᠭᠵᠢᠯᠲᠡ ᠶᠢᠨ ᠤᠯᠠᠷᠢᠯ ᠬᠤᠪᠢᠷᠠᠯ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠣᠷᠣᠨ | ᠳᠠᠶᠠᠭᠠᠷ ᠤᠨ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠠᠭᠤᠯᠤᠭᠳᠠᠵᠤ ᠪᠠᠶᠢᠭ᠎ᠠ ᠵᠣᠷᠢᠭ ᠰᠠᠨᠠᠭ᠎ᠠ ᠪᠠ ᠰᠣᠶᠣᠯ ᠤᠨ ᠦᠨ᠎ᠡ ᠥᠷᠲᠡᠭ ᠢ ᠭᠦᠨᠵᠡᠭᠡᠶ ᠢᠯᠡᠷᠡᠭᠦᠯᠦᠨ᠎ᠡ᠃ | ᠤᠮᠠᠷᠠᠲᠤ ᠬᠢᠯᠢ ᠶᠢᠨ ᠰᠣᠶᠣᠯ ᠤᠨ ᠦᠵᠡᠭᠦᠯᠭᠡ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠨ᠂ ᠤᠳᠬ᠎ᠠ ᠤᠷᠠᠯᠢᠭ ᠰᠣᠶᠣᠯ ᠤᠨ ᠲᠣᠭᠯᠠᠯᠲᠠ ᠰᠣᠯᠢᠯᠴᠠᠭᠠᠨ ᠤ ᠠᠵᠢᠯᠯᠠᠭ᠎ᠠ ᠶᠢ | ᠪᠠᠶᠢᠩᠭᠤᠰᠢᠭᠤᠯᠤᠨ ᠥᠷᠨᠢᠭᠦᠯᠵᠦ᠂ ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠬᠦᠮ ᠤᠨ ᠭᠠᠳᠠᠭᠰᠢ ᠭᠠᠷᠴᠤ | ᠲᠣᠭᠯᠠᠯᠲᠠ ᠭᠠᠷᠭᠠᠬᠤ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ | ᠠᠬᠢᠭᠤᠯᠤᠨ᠂ ᠲᠣᠮᠣ ᠬᠡᠪᠴᠢᠶᠡᠨ ᠤ ᠲᠣᠭᠯᠠᠯᠲᠠ ᠪᠠ ᠣᠯᠠᠨ ᠲᠦᠮᠡᠨ ᠤ ᠠᠵᠢᠯᠯᠠᠭ᠎ᠠ ᠳᠤ ᠤᠮᠠᠷᠠᠲᠤ ᠬᠢᠯᠢ ᠶᠢᠨ | ᠰᠣᠶᠣᠯ ᠤᠨ ᠭᠤᠤᠯ ᠰᠡᠳᠦᠪ ᠢ ᠢᠯᠡᠷᠡᠭᠦᠯᠵᠦ᠂ ᠨᠠᠶᠢᠷ ᠨᠠᠭᠠᠳᠤᠮ᠂ ᠰᠣᠶᠣᠯ ᠦᠵᠡᠰᠬᠦᠯᠡᠩ ᠤᠨ ᠴᠤᠭᠯᠠᠭᠠᠨ ᠵᠡᠷᠭᠡ | ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠬᠤᠩᠱᠠᠨ ᠰᠣᠶᠣᠯ ᠢ ᠥᠪ ᠢᠶᠠᠷ ᠬᠤᠯᠪᠣᠭᠠᠯᠠᠵᠤ ᠪᠠᠶᠢᠭᠠᠳ ᠭᠤᠶᠤᠴᠢᠯᠠᠬᠤ ᠶᠢ ᠠᠬᠢᠭᠤᠯᠤᠨ᠎ᠠ᠃ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ | ᠦᠵᠡᠯ ᠰᠠᠨᠠᠭᠠᠨ ᠤ ᠬᠦᠲᠦᠯᠦᠮᠵᠢ ︽ᠦᠨᠳᠦᠰᠦ ᠰᠠᠭᠤᠷᠢ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ︾ | ᠢᠨᠵᠧᠨᠧᠷᠢᠩ ᠢ ᠭᠦᠨᠵᠡᠭᠡᠶᠢᠷᠡᠭᠦᠯᠦᠨ᠂ ᠰᠣᠶᠣᠯ ᠤᠨ ᠪᠠᠶᠢᠭᠤᠯᠤᠯᠲᠠ ᠶᠢᠨ ᠦᠭᠰᠦᠨ ᠤᠷᠤᠭᠰᠢᠯᠠᠬᠤ ᠶᠢ | ᠠᠬᠢᠭᠤᠯᠤᠨ᠎ᠠ᠃ | ︵ᠭᠤᠷᠪᠠ︶ ᠬᠢᠯᠢ ᠬᠢᠵᠠᠭᠠᠷ ᠤᠨ ᠵᠠᠰᠠᠯᠲᠠ ᠶᠢᠨ ᠠᠵᠢᠯ ᠢ ᠰᠠᠶᠢᠲᠤᠷ ᠬᠢᠨ᠎ᠠ᠃ ᠰᠢᠨ᠎ᠡ ᠴᠠᠭ ᠦᠶ᠎ᠡ ᠶᠢᠨ | ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠠᠬᠢᠭᠤᠯᠵᠤ᠂ ᠬᠢᠯᠢ | ᠬᠢᠵᠠᠭᠠᠷ ᠤᠨ ᠲᠥᠪ ᠪᠣᠯᠬᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ | ᠦᠷᠨᠢᠭᠦᠯᠦᠨ᠂ ᠬᠢᠯᠢ ᠬᠢᠵᠠᠭᠠᠷ ᠣᠷᠣᠨ ᠤ ᠨᠥᠬᠦᠴᠡᠯ ᠲᠠᠢ ᠪᠠᠶᠢᠭ᠎ᠠ ᠭᠠᠵᠠᠷ ᠣᠷᠣᠨ ᠳᠤ ︽ᠤᠰᠤ ᠴᠠᠬᠢᠯᠭᠠᠨ ᠵᠠᠮ | ᠴᠢᠮᠡᠭᠡ︾ ᠶᠢ ᠦᠨᠳᠦᠰᠦᠨ ᠳᠤ ᠪᠠᠨ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠬᠢᠯᠢ ᠬᠢᠵᠠᠭᠠᠷ ᠲᠠᠬᠢ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠤᠬᠠᠭᠤᠯᠭ᠎ᠠ ᠬᠥᠮᠦᠵᠢᠯ ᠤᠨ ᠤᠷᠳᠤ ᠬᠤᠩᠭᠢᠯ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠢᠶᠠᠷ ᠬᠢᠯᠢ ᠬᠢᠵᠠᠭᠠᠷ ᠣᠷᠣᠨ ᠢᠶᠠᠨ ᠬᠥᠭᠵᠢᠭᠦᠯᠬᠦ ᠲᠦᠷᠦ ᠶᠢᠨ | ᠪᠤᠳᠤᠯᠭ᠎ᠠ ᠶᠢ ᠲᠣᠭᠲᠠᠭᠠᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ | ᠣᠷᠤᠭᠤᠯᠬᠤ︾ ᠠᠵᠢᠯᠯᠠᠭᠠᠨ ᠪᠠ ︽ᠬᠢᠯᠢ ᠬᠢᠵᠠᠭᠠᠷ ᠤᠨ ᠣᠨᠴᠠ ᠭᠠᠷᠤᠯᠲᠠ ᠶᠢ ᠪᠦᠬᠦ ᠤᠯᠤᠰ ᠲᠤ ᠪᠤᠷᠤᠯᠠᠭᠤᠯᠬᠤ︾ | ᠠᠵᠢᠯᠯᠠᠭ᠎ᠠ ᠶᠢ ᠥᠷᠨᠢᠭᠦᠯᠦᠨ᠎ᠡ᠃ | ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠨ᠂ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠨᠢ | ᠤᠯᠠᠮ ᠨᠢᠭᠡ ᠠᠯᠬᠤᠮ ᠠᠬᠢᠭᠤᠯᠤᠨ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ | ᠡᠭᠦᠳᠦᠯᠲᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠤᠨ ᠬᠥᠭᠵᠢᠭᠦᠯᠵᠦ᠂ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ ᠵᠣᠬᠢᠶᠠᠮᠠᠯ ᠤᠶᠤᠨ +᠂ ᠳᠣᠤᠷ᠎ᠠ ᠠᠭᠠᠷ ᠤᠨ ᠠᠵᠤ ᠠᠬᠤᠶ᠂ ᠠᠮᠢᠳᠤ ᠪᠣᠳᠠᠰ ᠤᠨ ᠮᠡᠷᠭᠡᠵᠢᠯ | ᠵᠡᠷᠭᠡ ᠰᠢᠨ᠎ᠡ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ ᠮᠡᠷᠭᠡᠵᠢᠯ ᠤᠨ ᠴᠢᠭᠯᠡᠯ ᠢ ᠰᠠᠶᠢᠲᠤᠷ ᠤᠬᠠᠭᠠᠯᠠᠨ | ᠲᠦᠯᠦᠪᠯᠡᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠢ 5 ᠵᠦᠢᠯ ᠠᠴᠠ ᠳᠡᠭᠡᠭᠰᠢ ᠰᠤᠳᠤᠯᠤᠨ | ᠨᠡᠭᠡᠭᠡᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠶ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ | ᠵᠢᠱᠢᠶ᠎ᠡ ᠦᠵᠡᠭᠦᠯᠬᠦ ᠠᠵᠢᠯᠯᠠᠭᠠᠨ ᠢ ᠥᠷᠨᠢᠭᠦᠯᠦᠨ᠎ᠡ᠃ ︽ᠮᠧᠩ ᠺᠧ ᠵᠢᠦᠢ︾ ᠶᠢᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠲᠠᠪᠴᠠᠩ ᠤᠨ ᠴᠢᠳᠠᠮᠵᠢ ᠶᠢ ᠨᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠷᠡᠭᠴᠡᠭᠡ | ᠱᠠᠭᠠᠷᠳᠠᠯᠭ᠎ᠠ᠂ ᠬᠦᠴᠦᠨ ᠵᠦᠢᠯ᠂ ᠤᠯᠠᠷᠢᠭᠤᠯᠤᠯᠲᠠ ᠶᠢ ᠬᠠᠷᠢᠯᠴᠠᠨ ᠨᠡᠪᠲᠡᠷᠡᠭᠦᠯᠬᠦ ᠲᠣᠭᠲᠠᠴᠠ ᠶᠢ ᠪᠦᠷᠢᠨᠰᠢᠬᠦᠯᠦᠨ᠂ | ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠬᠤ ᠲᠤᠭ᠎ᠠ ᠶᠢ 100 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ | ᠴᠢᠷᠮᠠᠶᠢᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠢ ᠨᠡᠮᠡᠭᠳᠡᠭᠦᠯᠵᠦ ᠬᠤᠶᠠᠷ ᠢ | ᠳᠡᠭᠡᠭᠰᠢᠯᠡᠭᠦᠯᠬᠦ︾ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ | ᠬᠡᠪᠴᠢᠶᠡᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ 20% ᠪᠠᠷ ᠨᠡᠮᠡᠭᠳᠡᠬᠦ ᠶᠢ ᠠᠬᠢᠭᠤᠯᠤᠨ᠂ ᠲᠤᠰᠬᠠᠶ ᠠᠰᠢᠭ ᠢ | ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠸᠠᠢ ᠷᠸᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠤᠨ | ᠰᠠᠭᠤᠷᠢᠨ ᠭᠠᠵᠠᠷ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠲᠦᠷᠭᠡᠳᠬᠡᠨ ᠡᠭᠦᠳᠦᠨ ᠪᠠᠶᠢᠭᠤᠯᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠵᠢᠱᠢᠶ᠎ᠡ ᠦᠵᠡᠭᠦᠯᠬᠦ ᠣᠷᠣᠨ᠂ ᠣᠷᠳᠣᠰ ᠤᠨ ᠤᠯᠤᠰ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ | ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠵᠢᠴᠢ ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ | ᠪᠠᠶᠠᠯᠢᠭ ᠢ ᠰᠤᠳᠤᠯᠬᠤ ᠪᠠ ᠶᠡᠷᠦᠩᠬᠡᠶᠢᠯᠡᠨ ᠠᠰᠢᠭᠯᠠᠬᠤ᠂ ᠣᠨᠴᠠ ᠲᠥᠷᠥᠯ ᠤᠨ ᠮᠠᠰᠢᠨ ᠲᠡᠷᠭᠡ ᠶᠢ ᠵᠢᠷᠤᠵᠤ | ᠲᠥᠯᠥᠪᠯᠡᠨ ᠦᠢᠯᠡᠳᠬᠦ ᠬᠤᠷᠠᠮᠠᠯ ᠮᠡᠷᠭᠡᠵᠢᠯ ᠤᠨ ᠪᠥᠬᠦ ᠤᠯᠤᠰ ᠤᠨ ᠭᠤᠤᠯᠳᠠᠯᠭ᠎ᠠ ᠪᠣᠯᠬᠤ 2 ᠲᠤᠷᠰᠢᠯᠲᠠ ᠶᠢᠨ | ᠲᠠᠰᠤᠭ ᠵᠡᠷᠭᠡ ᠤᠯᠤᠰ ᠤᠨ ᠲᠠᠰ ᠤᠨ ᠲᠠᠪᠴᠠᠩ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠤᠨ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 10 ᠰᠢᠨ᠎ᠡ ᠪᠠᠷ | ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠢ 110 | ᠪᠠᠶᠢᠭᠤᠯᠤᠨ᠎ᠠ᠃ ︽ᠰᠤᠳᠤᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢ | ᠬᠡᠷᠡᠭᠵᠢᠭᠦᠯᠵᠦ᠂ ᠴᠢᠳᠠᠪᠤᠷᠢᠲᠠᠨ ᠤ ᠣᠯᠭᠤᠮᠵᠢ ᠪᠠ ᠬᠦᠨᠳᠦᠳᠭᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠪᠠᠨ ᠴᠢᠩᠭᠠᠳᠬᠠᠵᠤ᠂ | ︽ᠨᠢᠭᠡ ᠺᠤᠳ᠋ ᠢᠶᠠᠷ ᠨᠡᠶᠢᠳᠡᠮ ᠰᠶᠢᠳᠪᠦᠷᠢᠯᠡᠬᠦ︾ ᠴᠢᠳᠠᠪᠤᠷᠢᠲᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ | ᠪᠠᠶᠢᠭᠤᠯᠤᠨ᠎ᠠ᠃ | ︵ᠬᠤᠶᠠᠷ︶ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠰᠢᠨ᠎ᠡ ᠨᠢᠭᠡ | ᠡᠭᠡᠯᠵᠢ ᠶᠢᠨ ᠳᠠᠭᠠᠭᠠᠨ ᠵᠠᠯᠭᠠᠭᠤᠯᠤᠭᠰᠠᠨ ᠠᠵᠤ ᠦᠢᠯᠡᠰ ᠤᠨ ᠰᠢᠯᠵᠢᠭᠦᠯᠦᠨ ᠵᠣᠯᠭᠠᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠨᠥᠭᠡᠴᠡᠯᠡᠯᠲᠡ ᠪᠠ ᠬᠡᠷᠡᠭᠵᠢᠭᠦᠯᠦᠯᠲᠡ ᠶᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠢᠯᠡᠳᠬᠦ ᠦᠢᠯᠡᠰ ᠤᠨ ᠭᠤᠤᠯᠳᠠᠯᠭ᠎ᠠ ᠪᠣᠯᠬᠤ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ ︵2025 – 2027 ᠣᠨ︶︾ ᠢ ᠲᠣᠭᠲᠠᠭᠠᠨ | ᠬᠡᠷᠡᠭᠵᠢᠭᠦᠯᠵᠦ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠣᠷᠣᠨ | ᠨᠤᠲᠤᠭ ᠤᠨ ᠣᠨᠴᠠᠯᠢᠠᠠᠳᠣ ᠢᠳᠡᠭᠡᠨ ᠤ ᠠᠵᠤ ᠦᠢᠯᠡᠰ ᠤᠨ ᠳᠠᠪᠠᠭᠤᠯᠢᠭ ᠢ ᠲᠦᠷᠭᠡᠳᠬᠡᠨ ᠪᠣᠶ ᠪᠣᠯᠭᠠᠵᠤ᠂ | ᠣᠨᠴᠠᠯᠢᠠᠠᠳᠣ ᠢᠳᠡᠭᠡᠨ ᠤ ᠠᠵᠤ ᠦᠢᠯᠡᠰ ᠤᠨ ᠪᠦᠯᠦᠭᠵᠢᠯ ᠢ ᠪᠣᠢ ᠪᠣᠯᠭᠠᠨ᠎ᠠ᠃ ᠲᠡᠮᠦᠷ ᠤᠨ ᠬᠠᠶᠢᠯᠤᠰᠢ ᠶᠢᠨ ᠠᠵᠢᠯ | ᠲᠥᠷᠥᠯ ᠤᠨ ᠬᠡᠪᠴᠢᠶᠡᠵᠢᠭᠦᠯᠦᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠲᠡᠮᠦᠷ ᠤᠨ ᠬᠠᠶᠢᠯᠤᠰᠢ ᠶᠢᠨ | ᠠᠵᠢᠯ ᠲᠥᠷᠥᠯ ᠤᠨ ᠤᠯᠠᠭᠠᠨᠴᠠᠪ᠂ ᠰᠢᠯᠢ ᠶᠢᠨ ᠭᠤᠤᠯ ᠤᠨ ᠡᠮᠦᠨ᠎ᠡ ᠬᠡᠰᠡᠭ ᠲᠡᠶᠢᠰᠢ ᠲᠥᠪᠯᠡᠷᠡᠨ ᠪᠦᠭᠡᠮᠨᠡᠷᠡᠬᠦ ᠶᠢ | ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠴᠠᠬᠢᠯᠭᠠᠨ ᠵᠠᠳᠠᠯᠤᠯ ᠤᠨ ᠬᠦᠩᠭᠡᠨ ᠴᠠᠭᠠᠨ ᠤ ᠦᠢᠯᠡᠳᠪᠦᠷᠢᠯᠡᠬᠦ | ᠴᠢᠳᠠᠮᠵᠢ ᠶᠢᠨ ᠰᠢᠯᠵᠢᠯᠲᠡ ᠶᠢ ᠨᠥᠬᠦᠴᠡᠯ ᠲᠠᠢ ᠪᠦᠭᠡᠳ ᠡᠮᠬᠢ ᠵᠢᠷᠤᠮ ᠲᠠᠢ ᠪᠠᠷ ᠵᠠᠯᠭᠠᠨ ᠠᠪᠴᠤ᠂ ᠬᠦᠩᠭᠡᠨ | ᠴᠠᠭᠠᠨ ᠤ ᠠᠵᠤ ᠦᠢᠯᠡᠰ ᠤᠨ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠤᠨ ᠬᠡᠪᠴᠢᠶᠡᠵᠢᠯ ᠢ ᠦᠷᠭᠦᠯᠵᠢᠯᠡᠨ | ᠪᠣᠵᠠᠭᠠᠶᠢᠷᠠᠭᠤᠯᠤᠨ᠎ᠠ᠃ ᠰᠢᠨ᠎ᠡ ᠬᠡᠯᠪᠡᠷᠢ ᠶᠢᠨ ᠬᠡᠦᠷᠰᠢᠭᠦᠯᠬᠦ ᠶᠢ ᠨᠢᠭᠡ ᠴᠤᠭᠴᠠᠵᠢᠭᠤᠯᠤᠭᠰᠠᠨ 4 ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠬᠠᠶ ᠵᠢᠴᠢ ᠡᠷᠬᠢᠨ ᠲᠣᠭᠤᠷᠢᠨ ᠭᠠᠵᠠᠷ | ᠣᠷᠣᠨ ᠤ ᠬᠡᠦᠷᠰᠢᠭᠦᠯᠬᠦ ᠠᠵᠢᠯ ᠲᠥᠷᠥᠯ ᠠᠵᠤ ᠦᠢᠯᠡᠰ ᠤᠨ ᠲᠠᠰ ᠳᠡᠪᠰᠢᠬᠦ ᠪᠠ ᠬᠡᠲᠦ ᠳᠣᠤᠷ᠎ᠠ | ᠭᠠᠳᠠᠭᠰᠢᠯᠠᠭᠤᠯᠬᠤ ᠪᠠᠷ ᠦᠭᠡᠷᠡᠴᠢᠯᠡᠨ ᠰᠢᠨᠡᠳᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠳ᠋ᠢᠬᠢᠲ | ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠢ ᠢᠳᠡᠪᠬᠢᠲᠡᠶ ᠬᠡᠷᠡᠭᠯᠡᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠰᠢᠨᠡᠳᠭᠡᠵᠦ ᠳᠡᠭᠡᠭᠰᠢᠯᠡᠭᠦᠯᠦᠨ᠂ ︽2025 ᠪᠣᠬᠢᠷᠲᠤᠯ ᠥᠬᠡᠶ ᠪᠦᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠬᠦ ᠭᠠᠷᠴᠠᠭ︾ ᠢ ᠨᠡᠶᠢᠲᠡᠯᠡᠨ᠂ ᠬᠤᠶᠠᠳᠤᠭᠠᠷ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠳ᠋ᠢᠬᠢᠲᠴᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ | ᠦᠷᠭᠦᠯᠵᠢᠯᠡᠨ ᠥᠷᠨᠢᠭᠦᠯᠵᠦ᠂ 60 ᠪᠣᠬᠢᠷᠲᠤᠯ ᠥᠬᠡᠶ ᠦᠢᠯᠡᠳᠪᠦᠷᠢ᠂ 5 ᠪᠣᠬᠢᠷᠲᠤᠯ ᠥᠬᠡᠶ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ 3 ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶᠡᠵᠢᠯ ᠤᠨ | ᠬᠠᠮᠢᠶᠠᠷᠤᠯᠲᠠ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ | ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠭᠰᠠᠷᠠᠮᠠᠯ | ᠮᠠᠶ᠋ᠢᠭ ᠤᠨ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ | ᠬᠥᠭᠵᠢᠭᠦᠯᠦᠨ᠂ ᠣᠶᠤᠨᠴᠢ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠠᠵᠢᠯ ᠳᠠᠭᠤᠰᠤᠭᠰᠠᠨ ᠪᠠᠷᠢᠯᠭ᠎ᠠ ᠳᠠᠬᠢ ᠪᠣᠬᠢᠷᠲᠤᠯ ᠥᠬᠡᠶ | ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠦᠨ᠎ᠡ᠃ | ︵ᠭᠤᠷᠪᠠ︶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠰᠢᠨ᠎ᠡ | ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠡᠯᠡᠰᠦᠨ ᠴᠦᠯ ᠭᠤᠪᠢ ᠴᠦᠯᠡᠷᠬᠡᠭ ᠣᠷᠣᠨ ᠳᠠᠬᠢ ᠲᠣᠮᠣ ᠰᠠᠭᠤᠷᠢᠨ | ᠭᠠᠵᠠᠷ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠥᠷᠬᠦ ᠵᠡᠷᠭᠡ ᠭᠠᠳᠠᠭᠰᠢ | ᠳᠠᠮᠵᠢᠭᠤᠯᠬᠤ ᠨᠡᠪᠲᠡᠷᠡᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠯᠬᠢᠨ ᠬᠦᠴᠦᠨ ᠤ | ᠴᠠᠬᠢᠯᠭᠠᠨ ᠤ ᠪᠥᠲᠥᠭᠡᠨ ᠪᠠᠶᠢᠭᠤᠯᠤᠯᠲᠠ ᠶᠢᠨ ᠬᠡᠪᠴᠢᠶᠡᠵᠢᠯ ᠢ ᠪᠠᠲᠤᠯᠠᠭᠰᠠᠨ ᠰᠠᠭᠤᠷᠢᠨ ᠳᠡᠭᠡᠷ᠎ᠡ ᠭᠡᠷᠡᠯᠴᠢ ᠴᠡᠨᠡᠭ ᠤᠨ | ᠲᠥᠷᠥᠯ ᠵᠦᠢᠯ ᠤᠨ ᠬᠡᠪᠴᠢᠶᠡᠵᠢᠯ ᠢ ᠥᠷᠭᠡᠳᠬᠡᠨ᠂ ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠲᠣᠤᠷ ᠲᠤ | ᠨᠡᠶᠢᠯᠡᠭᠦᠯᠬᠦ ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ | ᠶᠡᠷᠦᠩᠬᠡᠶ ᠬᠡᠪᠴᠢᠶᠡᠵᠢᠯ ᠢ 1.7 ᠳ᠋ᠦᠩᠰᠢᠭᠤᠷ ᠺᠢᠯᠣᠸᠠᠲ ᠠᠴᠠ ᠳᠠᠪᠠᠭᠤᠯᠤᠨ᠂ ᠴᠠᠬᠢᠯᠭᠠᠨ ᠭᠠᠷᠭᠠᠬᠤ ᠬᠡᠮᠵᠢᠶ᠎ᠡ ᠶᠢ | 3000 ᠳ᠋ᠦᠩᠰᠢᠭᠤᠷ ᠭᠷᠠᠳᠦ᠋ᠰ ᠠᠴᠠ ᠳᠠᠪᠠᠭᠤᠯᠤᠨ᠎ᠠ᠃ ᠪᠣᠬᠢᠷᠲᠤᠯ ᠥᠬᠡᠶ ᠴᠠᠬᠢᠯᠭᠠᠨ ᠤ ᠠᠷᠠᠯᠵᠢᠶ᠎ᠠ ᠶᠢᠨ | ᠬᠡᠷᠡᠭᠵᠢᠭᠦᠯᠬᠦ ᠨᠠᠷᠢᠨ ᠲᠦᠷᠢᠮ ᠪᠠ ︽ᠰᠢᠨ᠎ᠡ ᠡᠨᠧᠷᠭᠢ +︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠥᠨᠳᠥᠷ ᠦᠷ᠎ᠡ ᠪᠦᠲᠦᠮᠵᠢᠲᠡᠢ ᠪᠠᠷ ᠰᠢᠩᠭᠡᠭᠡᠬᠦ ᠬᠡᠷᠡᠭᠯᠡᠭᠡᠨ ᠤ ᠠᠬᠤᠢ | ᠪᠠᠶᠢᠳᠠᠯ ᠢ ᠥᠷᠭᠡᠳᠬᠡᠨ᠂ 2.0 ᠪᠠᠷᠯᠠᠯ ᠤᠨ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠴᠠᠬᠢᠯᠭᠠᠨ ᠭᠠᠷᠭᠠᠬᠤ ᠳᠠᠮᠵᠢᠭᠤᠯᠬᠤ ᠪᠠ ᠲᠦᠭᠡᠭᠡᠬᠦ ᠬᠦᠷᠢᠶᠡᠨ ᠳᠠᠬᠢ | ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠦᠭᠡᠷᠡᠴᠢᠯᠡᠨ ᠰᠢᠨᠡᠳᠭᠡᠬᠦ ᠠᠵᠢᠯᠯᠠᠭᠠᠨ᠂ ᠰᠠᠯᠬᠢᠨ ᠬᠦᠴᠦᠨ ᠤ | ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠶᠢ ᠰᠢᠨᠡᠳᠬᠡᠬᠦ ᠪᠠ ᠥᠨᠳᠥᠷ ᠪᠦᠲᠦᠮᠵᠢᠲᠡᠶ ᠪᠠᠷ ᠡᠭᠡᠭᠦᠯᠦᠨ | ᠬᠤᠷᠢᠶᠠᠵᠤ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠣᠶᠤᠨᠴᠢ ᠪᠠᠷ ᠠᠵᠢᠯᠯᠠᠭᠤᠯᠵᠤ | ᠪᠠᠲᠤᠯᠠᠬᠤ ᠪᠠ ᠡᠨᠧᠷᠭᠢ ᠶᠢᠨ ᠣᠷᠴᠢᠨ ᠨᠦᠬᠦᠴᠡᠯ ᠢ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠤᠨ᠎ᠠ᠃ ᠯᠢᠲ᠋ᠢ ᠶᠢᠨ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠰᠠᠨᠠᠯ ᠢ | ᠨᠠᠶᠢᠳᠠᠪᠤᠷᠢᠵᠢᠭᠤᠯᠵᠤ᠂ ᠯᠢᠲ᠋ᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ | ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠲᠠᠯ᠎ᠠ ᠪᠠᠷ᠂ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ | ᠣᠷᠣᠨ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠨᠡᠭᠦᠷᠡᠰᠦ ᠪᠠᠷ ᠠᠯᠺᠤᠨ ᠦᠢᠯᠡᠳᠬᠦ᠂ ᠷᠦᠩ ᠱᠧᠩ ᠪᠣᠬᠢᠷᠲᠤᠯ ᠥᠬᠡᠶ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢ ᠨᠢᠭᠡ ᠴᠤᠭᠴᠠᠵᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠠᠬᠢᠭᠤᠯᠤᠨ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ | ᠲᠥᠷᠥᠯ ᠵᠦᠢᠯ ᠢ ᠬᠢᠨᠠᠨ ᠵᠥᠪᠰᠢᠶᠡᠷᠡᠭᠦᠯᠵᠦ ᠴᠣᠬᠤᠯᠠᠪᠤᠷᠢ ᠣᠯᠬᠤ ᠪᠠᠷ ᠴᠢᠷᠮᠠᠶᠢᠨ᠎ᠠ᠃ ᠨᠡᠭᠦᠷᠡᠰᠦᠨ | ᠳᠠᠪᠬᠤᠷᠭ᠎ᠠ ᠶᠢᠨ ᠬᠡᠢ ᠶᠢᠨ ᠡᠬᠢ ᠪᠠᠶᠠᠯᠢᠭ ᠢ ᠶᠡᠷᠦᠩᠬᠡᠶᠢᠯᠡᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ | ᠠᠬᠢᠭᠤᠯᠤᠨ᠎ᠠ᠃ ᠬᠤᠪᠣᠷ ᠰᠢᠷᠣᠶ ᠶᠢᠨ ᠠᠵᠤ ᠦᠢᠯᠡᠰ ᠤᠨ ᠲᠠᠯ᠎ᠠ ᠪᠠᠷ᠂ ᠬᠤᠪᠣᠷ ᠰᠢᠷᠣᠶ ᠶᠢᠨ ᠬᠠᠶᠢᠯᠤᠭᠤᠯᠤᠯᠲᠠ ᠶᠢ | ᠴᠡᠪᠡᠷᠰᠢᠭᠦᠯᠬᠦ ᠪᠠᠷ ᠦᠭᠡᠷᠡᠴᠢᠯᠡᠨ ᠰᠢᠨᠡᠳᠭᠡᠬᠦ ᠶᠢ ᠦᠷᠭᠦᠯᠵᠢᠯᠡᠨ ᠥᠷᠨᠢᠭᠦᠯᠵᠦ᠂ ᠪᠠᠶᠢᠩᠭᠤ ᠰᠣᠷᠢᠨᠵᠢᠨᠲᠤ ᠴᠠᠬᠢᠯᠭᠠᠨ | ᠮᠠᠰᠢᠨ ᠢᠶᠠᠷ ᠣᠷᠤᠯᠠᠭᠤᠯᠬᠤ ᠠᠵᠢᠯᠯᠠᠭᠠᠨ ᠢ ᠶᠡᠭᠡ ᠪᠠᠷ ᠠᠬᠢᠭᠤᠯᠤᠨ᠂ ᠪᠥᠬᠦ ᠬᠡᠯᠬᠢᠶᠡᠲᠦ ᠬᠤᠪᠣᠷ ᠰᠢᠷᠣᠶ ᠶᠢᠨ ᠠᠵᠤ | ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠵᠦ᠂ | ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠨ ᠨᠦᠬᠡᠴᠡ ᠶᠢ ᠨᠡᠮᠡᠭᠳᠡᠭᠦᠯᠬᠦ ᠶᠢ ᠳᠡᠮᠵᠢᠵᠦ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠰᠠᠯᠬᠢᠨ ᠬᠦᠴᠦᠨ ᠤ ᠴᠠᠬᠢᠯᠭᠠᠨ ᠳᠤ ᠬᠡᠷᠡᠭᠯᠡᠬᠦ ᠬᠤᠪᠣᠷ ᠰᠢᠷᠣᠶ ᠶᠢᠨ ᠰᠣᠷᠢᠨᠵᠢᠨᠲᠤ | ᠮᠠᠲ᠋ᠧᠷᠢᠶᠠᠯ ᠢ ᠨᠡᠭᠡᠭᠡᠨ ᠬᠥᠭᠵᠢᠭᠦᠯᠵᠦ᠂ ᠪᠤᠭᠤᠲᠤ ᠶᠢᠨ ︽ᠬᠤᠪᠣᠷ ᠰᠢᠷᠣᠶ +︾ ᠠᠵᠤ ᠦᠢᠯᠡᠰ ᠤᠨ ᠪᠦᠯᠦᠭᠵᠢᠯ ᠢ | ᠪᠠᠶᠢᠭᠤᠯᠬᠤ ᠶᠢ ᠳᠡᠮᠵᠢᠨ᠎ᠡ᠃ | ︵ᠳᠥᠷᠪᠡ︶ ᠢᠷᠡᠭᠡᠳᠦᠶ ᠶᠢᠨ ᠠᠵᠤ ᠦᠢᠯᠡᠰ ᠢ ᠪᠠᠶᠢᠷᠢᠰᠢᠭᠤᠯᠤᠨ ᠬᠥᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠶ ᠶᠢᠨ ᠠᠵᠤ ᠦᠢᠯᠡᠰ ᠤᠨ ᠰᠢᠨ᠎ᠡ ᠡᠭᠦᠳᠦᠯᠲᠡ ᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠪᠣᠲᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ | ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠦᠩᠭᠦ ᠶᠢ ᠪᠠᠶᠢᠭᠤᠯᠤᠨ᠎ᠠ᠃ ᠨᠦᠬᠡᠴᠡ | ᠡᠨᠧᠷᠬᠢ ᠶᠢᠨ ᠠᠵᠤ ᠦᠢᠯᠡᠰ ᠤᠨ ᠲᠠᠯ᠎ᠠ ᠪᠠᠷ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ ᠶᠢᠨ ᠲᠤᠰᠬᠠᠶ | ᠠᠵᠢᠯᠯᠠᠭᠠᠨ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1000 | ᠲᠦᠮᠡᠨ ᠺᠢᠯᠣᠸᠠᠲ ᠠᠵᠢᠯ ᠡᠬᠢᠯᠡᠭᠦᠯᠦᠨ᠂ 600 ᠲᠦᠮᠡᠨ ᠺᠢᠯᠣᠸᠠᠲ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠤᠭᠤᠯᠤᠨ᠎ᠠ᠃ ᠨᠦᠬᠡᠴᠡ ᠡᠨᠧᠷᠭᠢ ᠶᠢᠨ ᠲᠡᠷᠢᠭᠦᠨ ᠤ ᠮᠡᠷᠭᠡᠵᠢᠯ ᠤᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠨᠦᠬᠡᠴᠡ ᠡᠨᠧᠷᠭᠢ ᠶᠢᠨ ᠭᠤᠤᠯᠯᠠᠬᠤ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠬᠤ ᠶᠢ ᠲᠦᠷᠭᠡᠳᠬᠡᠨ ᠪᠡᠶᠡᠯᠡᠭᠦᠯᠦᠨ᠎ᠡ᠃ ᠪᠤᠳᠤᠬᠤ ᠴᠢᠳᠠᠪᠤᠷᠢ ᠶᠢᠨ ᠠᠵᠤ ᠦᠢᠯᠡᠰ ᠤᠨ ᠲᠠᠯ᠎ᠠ ᠪᠠᠷ᠂ ᠪᠦᠬᠦ | ᠤᠯᠤᠰ ᠤᠨ ᠨᠢᠭᠡ ᠴᠤᠭᠴᠠᠵᠢᠭᠰᠠᠨ ᠪᠤᠳᠤᠬᠤ ᠴᠢᠳᠠᠪᠤᠷᠢ ᠶᠢᠨ ᠰᠦᠯᠵᠢᠶᠡᠨ ᠤ ᠤᠯᠤᠰ ︵ᠥᠪᠥᠷ ᠮᠣᠩᠭᠤᠯ︶ ᠤᠨ | ᠬᠦᠢᠰᠦ ᠵᠠᠩᠬᠢᠶᠠᠰᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 400G/800G ᠤᠨ ᠪᠦᠷᠢᠨ ᠭᠡᠷᠡᠯᠯᠢᠭ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠭᠡᠨ᠂ ᠪᠤᠳᠤᠬᠤ ᠴᠢᠳᠠᠪᠤᠷᠢ ᠶᠢᠨ ᠬᠢᠨᠠᠨ ᠬᠡᠮᠵᠢᠵᠦ ᠲᠣᠬᠢᠷᠠᠭᠤᠯᠬᠤ | ᠲᠠᠪᠴᠠᠩ ᠢ ᠪᠠᠶᠢᠭᠤᠯᠵᠤ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠢ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠯᠤᠭ᠎ᠠ | ᠲᠦᠷᠭᠡᠨ ᠢᠶᠠᠷ ᠰᠢᠭᠤᠳ ᠬᠤᠯᠪᠣᠯᠳᠤᠭᠤᠯᠬᠤ ᠶᠢ ᠠᠬᠢᠭᠤᠯᠤᠨ᠂ ᠪᠡᠭᠡᠵᠢᠩ ᠳᠤ ᠬᠠᠨᠳᠤᠭᠤᠯᠤᠭᠰᠠᠨ ᠬᠡᠳᠦ ᠶᠡᠭᠡ | ᠬᠡᠪᠴᠢᠶᠡᠨ ᠤ ᠣᠶᠤᠨᠴᠢ ᠪᠤᠳᠤᠬᠤ ᠴᠢᠳᠠᠪᠤᠷᠢ ᠶᠢᠨ ᠪᠦᠯᠦᠭᠵᠢᠯ ᠢ ᠪᠠᠶᠢᠭᠤᠯᠵᠤ᠂ ᠬᠤᠸᠠ ᠸᠧᠢ ᠡᠭᠦᠯᠡᠨ | ᠳ᠋ᠠᠶᠢᠲ᠋ᠠ ᠶᠢᠨ ᠲᠥᠪ᠂ ᠵᠢᠦ ᠵᠧᠤ ᠤᠶᠤᠨᠴᠢ ᠪᠤᠳᠤᠬᠤ ᠴᠢᠳᠠᠪᠤᠷᠢ᠂ ᠪᠢᠩ ᠰᠢᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠠ ᠯᠢ ᠪᠠ ᠪᠠ᠂ ᠵᠥᠩ ᠶᠢᠨ ᠳ᠋ᠠᠶᠢᠲ᠋ᠠ ᠵᠡᠷᠭᠡ 20 ᠭᠤᠤᠯᠳᠠᠯᠭ᠎ᠠ ᠪᠣᠯᠬᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽ᠵᠣᠬᠢᠶᠠᠮᠠᠯ ᠣᠶᠤᠨ +︾᠂ ︽ᠳ᠋ᠠᠶᠢᠲ᠋ᠠ ᠶᠢᠨ ᠬᠦᠴᠦᠨ | ᠵᠦᠢᠯ ×︾ ᠵᠡᠷᠭᠡ ᠠᠵᠢᠯᠯᠠᠭᠠᠨ ᠢ ᠥᠷᠨᠢᠭᠦᠯᠵᠦ᠂ ᠨᠢᠭᠡ ᠪᠦᠯᠦᠭ ᠵᠣᠬᠢᠶᠠᠮᠠᠯ ᠣᠶᠤᠨ ᠤ ᠨᠡᠶᠢᠲᠡᠯᠢᠭ ᠬᠡᠷᠡᠭᠯᠡᠭᠡᠨ ᠤ | ᠲᠥᠷᠥᠯ ᠵᠦᠢᠯ ᠢ ᠬᠡᠷᠡᠭᠵᠢᠭᠦᠯᠦᠨ᠂ ᠬᠥᠬᠡᠬᠤᠲᠠ ᠶᠢᠨ ᠵᠣᠬᠢᠶᠠᠮᠠᠯ ᠣᠶᠤᠨ ᠤ ᠠᠵᠤ ᠦᠢᠯᠡᠰ ᠤᠨ ᠰᠠᠭᠤᠷᠢᠨ | ᠭᠠᠵᠠᠷ ᠢ ᠪᠣᠶᠢᠵᠢᠭᠤᠯᠵᠤ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 150 ᠲᠦᠮᠡᠨ ᠰᠠᠭᠤᠷᠢ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠪᠤᠳᠤᠬᠤ ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ | ᠳᠠᠪᠠᠭᠤᠯᠤᠨ᠂ ᠤᠶᠤᠨᠴᠢ ᠪᠤᠳᠤᠬᠤ ᠴᠢᠳᠠᠪᠤᠷᠢ ᠶᠢᠨ ᠬᠡᠪᠴᠢᠶᠡᠵᠢᠯ ᠤᠨ ᠪᠥᠬᠦ ᠤᠯᠤᠰ ᠲᠤ ᠲᠦᠷᠦᠭᠦᠯᠡᠭᠰᠡᠨ | ᠪᠠᠶᠢᠷᠢ ᠪᠠᠨ ᠪᠠᠲᠤᠯᠠᠵᠤ᠂ ᠰᠢᠨ᠎ᠡ ᠪᠠᠷ ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ ᠴᠠᠬᠢᠯᠭᠠᠨ ᠤ | ᠬᠠᠷᠢᠴᠠᠯ ᠢ 80% ᠠᠴᠠ ᠳᠣᠤᠷ᠎ᠠ ᠥᠬᠡᠶ ᠪᠠᠶᠢᠯᠭᠠᠨ᠎ᠠ᠃ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ | ᠦᠢᠯᠡᠰ ᠤᠨ ᠲᠠᠯ᠎ᠠ ᠪᠠᠷ᠂ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠤᠰᠢᠭᠤᠴᠢ ᠣᠷᠣᠨ ᠤ | ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠂ ᠪᠤᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ | ᠠᠯᠺᠣᠣᠯ ᠦᠢᠯᠡᠳᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ | ᠤᠰᠤᠲᠥ᠋ᠷᠥᠭᠴᠢ ᠦᠢᠯᠡᠳᠪᠦᠷᠢᠯᠡᠬᠦ ᠴᠢᠳᠠᠮᠵᠢ ᠶᠢ 20 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ | ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠤᠯᠠᠭᠠᠨᠴᠠᠪ ᠠᠴᠠ ᠶᠠᠨᠱᠠᠨ ᠬᠥᠷᠬᠦ | ᠴᠢᠯᠠᠭᠤᠨ ᠲᠤᠰᠤ ᠬᠢᠮᠢ ᠶᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠭᠤᠣᠷᠰᠤ᠂ ᠤᠯᠠᠭᠠᠨᠬᠠᠳᠠ ᠠᠴᠠ ᠵᠢᠨᠵᠧᠦ | ᠭᠠᠷᠠᠮ ᠬᠦᠷᠴᠦ ᠠᠬᠢᠭᠠᠳ ᠱᠠᠩᠬᠠᠶ ᠬᠥᠷᠬᠦ ᠪᠣᠬᠢᠷᠳᠤᠯ ᠦᠭᠡᠢ ᠤᠰᠤᠲᠥ᠋ᠷᠥᠭᠴᠢ ᠶᠢᠨ ᠬᠤᠩᠭᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ︽ᠪᠣᠬᠢᠷᠳᠤᠯ ᠦᠭᠡᠢ ᠤᠰᠤᠲᠥ᠋ᠷᠥᠭᠴᠢ + ᠠᠵᠤ ᠦᠢᠯᠡᠳᠪᠦᠷᠢ︾᠂ | ︽ᠪᠣᠬᠢᠷᠳᠤᠯ ᠦᠭᠡᠢ ᠤᠰᠤᠲᠥ᠋ᠷᠥᠭᠴᠢ + ᠵᠠᠮ ᠬᠠᠷᠢᠯᠴᠠᠭ᠎ᠠ︾ ᠵᠡᠷᠭᠡ ᠬᠡᠷᠡᠭᠯᠡᠭᠡᠨ ᠤ ᠰᠢᠩᠭᠡᠭᠡᠬᠦ ᠲᠠᠯᠠᠪᠤᠷ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠳᠣᠤᠷ᠎ᠠ ᠠᠭᠠᠷ ᠤᠨ ᠠᠵᠤ ᠠᠬᠤᠶ ᠶᠢᠨ | ᠲᠠᠯ᠎ᠠ ᠪᠠᠷ᠂ ᠤᠯᠤᠰ ᠤᠨ ᠳᠣᠤᠷ᠎ᠠ ᠠᠭᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ | ᠰᠠᠨᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠪᠠ ᠬᠠᠤᠯᠢ | ᠲᠣᠭᠲᠠᠭᠠᠯ ᠢ ᠵᠢᠷᠤᠮᠯᠠᠭᠰᠠᠨ ᠤᠷᠢᠲᠠᠯ ᠳᠣᠤᠷ᠎ᠠ᠂ ᠰᠢᠰᠲ᠋ᠧᠮ ᠲᠠᠢ ᠣᠬᠠᠭᠠᠯᠠᠨ ᠲᠦᠯᠦᠪᠯᠡᠬᠦ ᠶᠢ ᠴᠢᠩᠭᠠᠳᠬᠠᠨ᠂ | ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠡᠯ᠎ᠡ ᠭᠠᠵᠠᠷ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ | ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠣᠯᠣᠭᠠᠳ ᠦᠪᠡᠷᠮᠢᠴᠡ ᠬᠥᠭᠵᠢᠯᠲᠡ ᠶᠢᠨ | ᠳᠠᠪᠠᠭᠤᠯᠢᠭ ᠢ ᠪᠦᠷᠢᠯᠳᠦᠭᠦᠯᠦᠨ᠂ ᠳᠣᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠢ | ᠠᠯᠬᠤᠮ ᠠᠯᠬᠤᠮ ᠢᠶᠠᠷ ᠪᠠᠳᠠᠷᠠᠭᠤᠯᠤᠨ᠎ᠠ᠃ | ︵ᠲᠠᠪᠤ︶ ᠦᠢᠯᠡᠴᠢᠯᠡᠭᠡᠨ ᠤ ᠦᠢᠯᠡᠰ ᠢ ᠲᠦᠷᠭᠡᠳᠬᠡᠨ ᠰᠡᠷᠭᠦᠭᠡᠬᠦ ᠶᠢ ᠠᠬᠢᠭᠤᠯᠤᠨ᠎ᠠ᠃ ︽ᠲᠡᠷᠢᠭᠦᠨ ᠤ | ᠦᠢᠯᠡᠳᠬᠦ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ | ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠦᠯ ︵2024 – 2026 ᠣᠨ︶︾ ᠢ | ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ | ᠭᠤᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ | ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ | ᠨᠡᠮᠡᠭᠳᠡᠯ ᠢ ᠲᠣᠭᠲᠠᠪᠤᠷᠢᠵᠢᠭᠤᠯᠤᠨ᠎ᠠ᠃ ᠤᠯᠤᠰ ᠤᠨ ︽ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠦᠲᠦᠮᠵᠢᠲᠡᠶ ᠪᠠᠭᠤᠷᠠᠭᠤᠯᠬᠤ ᠠᠵᠢᠯᠯᠠᠭᠠᠨ ᠤ ᠲᠥᠰᠦᠯ︾ ᠵᠢᠴᠢ ᠥᠪᠡᠷᠲᠡᠭᠡᠨ ᠵᠠᠰᠠᠬᠤ ᠣᠷᠣᠨ ᠤ | ᠡᠭᠦᠷᠭᠡ ᠶᠢᠨ ᠲᠤᠳᠤᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠵᠠᠮ | ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠪᠣᠶᠢᠵᠢᠭᠤᠯᠵᠤ᠂ | ᠪᠥᠬᠦ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠤ ᠡᠵᠡᠯᠡᠬᠦ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠷᠢᠴᠠᠯ ᠢ 40% ᠠᠴᠠ ᠳᠡᠭᠡᠭᠰᠢ ᠪᠣᠯᠭᠠᠨ᠎ᠠ᠃ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠲᠠᠪᠴᠠᠩ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠠᠪᠴᠠᠩ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠪᠥᠬᠦ ᠣᠷᠣᠨ ᠤ ᠨᠢᠭᠡᠳᠦᠯᠲᠡᠶ ᠳ᠋ᠢᠬᠢᠲᠴᠢᠯᠡᠭᠰᠡᠨ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠤᠳᠤᠯᠤᠨ ᠪᠠᠶᠢᠭᠤᠯᠤᠨ᠎ᠠ᠃ ᠭᠤᠣᠯᠳᠠᠯᠭ᠎ᠠ | ᠪᠣᠯᠬᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠨᠡᠭᠦᠷᠡᠰᠦᠨ ᠤ ᠥᠷᠭᠡᠨ ᠬᠡᠷᠡᠭᠴᠡᠭᠡᠨ ᠤ ᠪᠠᠷᠠᠭ᠎ᠠ ᠶᠢ | ᠬᠤᠯᠠ ᠵᠠᠶ ᠲᠡᠭᠡᠭᠡᠪᠦᠷᠢᠯᠡᠬᠦ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠬᠦ︾ ᠶᠢ ᠠᠬᠢᠭᠤᠯᠵᠤ᠂ ᠲᠡᠮᠦᠷ | ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 950 ᠲᠦᠮᠡᠨ ᠲᠣᠨ ᠨᠡᠮᠡᠭᠳᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ | ᠳᠠᠭᠠᠤ ᠶᠢᠨ ᠡᠭᠦᠰᠦᠮᠡᠯ ᠠᠵᠤ ᠠᠬᠤᠶ ᠶᠢ ᠬᠥᠭᠵᠢᠭᠦᠯᠵᠦ᠂ ᠨᠢᠭᠡ ᠪᠦᠯᠦᠭ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠵᠠᠰᠠᠮᠠᠯ ᠵᠠᠮ᠂ ᠵᠢᠭᠤᠯᠴᠢᠯᠠᠯ ᠤᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠴᠤᠭᠴᠠᠯᠠᠨ᠎ᠠ᠃ ᠭᠡᠷ | ᠪᠠᠶᠢᠰᠢᠩ ᠭᠠᠵᠠᠷ ᠬᠦᠷᠦᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠠᠬᠢᠭᠤᠯᠤᠨ ᠪᠠᠶᠢᠭᠤᠯᠤᠨ᠎ᠠ᠃ ᠤᠯᠤᠰ | ᠵᠢᠴᠢ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ | ᠵᠤᠭᠰᠤᠭᠠᠨ ᠲᠣᠭᠲᠠᠭᠤᠨ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠬᠤ ᠬᠤᠯᠪᠣᠭᠳᠠᠯ ᠪᠥᠬᠦᠶ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠬᠡᠷ ᠪᠠᠶᠢᠰᠢᠩ | ᠭᠠᠵᠠᠷ ᠬᠥᠷᠥᠩᠭᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠵᠦᠶ ᠵᠣᠬᠢᠰᠲᠠᠶ ᠬᠢᠵᠠᠭᠠᠷᠯᠠᠨ᠂ ᠠᠷᠠᠳ ᠣᠯᠠᠨ ᠤ | ᠴᠢᠨᠠᠷ ᠴᠢᠨᠰᠠᠭ᠎ᠠ ᠲᠠᠢ ᠠᠮᠢᠳᠤᠷᠠᠯ ᠳᠤ ᠳᠣᠭᠢᠷᠠᠬᠤ ᠰᠠᠶᠢᠨ ᠬᠡᠷ ᠪᠠᠶᠢᠰᠢᠩ ᠢ ᠢᠳᠡᠪᠬᠢᠲᠡᠶ ᠪᠥᠲᠥᠭᠡᠨ ᠪᠠᠶᠢᠭᠤᠯᠤᠨ᠎ᠠ᠃ | ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠠ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠣᠨ ᠤ ᠡᠭᠦᠷᠭᠡ ᠶᠢ ᠪᠡᠶᠡᠯᠡᠭᠦᠯᠦᠨ᠎ᠡ᠃ | ᠨᠡᠶᠢᠭᠡᠮ ᠲᠣᠭᠤᠷᠢᠭ ᠤᠨ ᠠᠳᠠᠯ ᠠᠬᠤᠶ ᠨᠠᠮ ᠤᠨ ᠪᠠᠶᠢᠭᠤᠯᠤᠯᠲᠠ ᠶᠢ ᠬᠤᠯᠪᠣᠭᠠᠯᠠᠨ ᠪᠠᠶᠢᠭᠤᠯᠬᠤ ᠶᠢ ᠯᠠᠪᠳᠠᠭᠤᠨ | ᠪᠠᠲᠤᠲᠠᠶ ᠠᠬᠢᠭᠤᠯᠵᠤ᠂ ᠪᠣᠶ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠤᠯᠤᠭᠰᠠᠨ | ᠲᠣᠭᠤᠷᠢᠭ ᠤᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠦᠬᠦᠨ ᠢ ᠬᠠᠮᠤᠷᠬᠤ ᠪᠠᠷ | ᠴᠢᠷᠮᠠᠶᠢᠵᠤ᠂ ᠦᠮᠴᠢᠲᠡᠨ ᠤ ᠺᠤᠮᠢᠰ ︵ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ︶ ᠢ ᠵᠣᠬᠢᠶᠠᠨ ᠪᠠᠶᠢᠭᠤᠯᠬᠤ | ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠵᠦ | ᠪᠠᠶᠢᠭ᠎ᠠ ᠪᠠᠶᠢᠳᠠᠯ ᠢ ᠪᠠᠲᠤᠯᠠᠨ᠎ᠠ᠃ ᠪᠥᠬᠦ ᠣᠷᠣᠨ ᠳᠤ 3A᠂ 4A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ 20 ᠠᠴᠠ ᠳᠡᠭᠡᠭᠰᠢ ᠰᠢᠨ᠎ᠡ ᠪᠠᠷ ᠪᠣᠶᠢᠵᠢᠭᠤᠯᠤᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠬᠤᠳᠠᠯᠳᠤᠭ᠎ᠠ᠂ ᠵᠢᠭᠤᠯᠴᠢᠯᠠᠯ ᠬᠤᠳᠠᠯᠳᠤᠭ᠎ᠠ᠂ ᠪᠡᠶ᠎ᠡ ᠶᠢᠨ | ᠲᠠᠮᠢᠷ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ︽ᠢᠳᠡᠬᠦ ᠰᠠᠭᠤᠬᠤ ᠶᠠᠪᠤᠬᠤ | ᠵᠤᠭᠠᠴᠠᠬᠤ ᠪᠠᠷᠠᠭ᠎ᠠ ᠬᠤᠳᠠᠯᠳᠤᠨ ᠠᠪᠬᠤ ᠵᠤᠭᠠᠴᠠᠨ ᠴᠡᠩᠭᠡᠬᠦ︾ ᠶᠢ ᠨᠢᠭᠡ ᠴᠣᠠᠠᠴᠠᠵᠢᠭᠤᠯᠥᠠᠠᠰᠠᠨ ᠬᠡᠷᠡᠭᠯᠡᠭᠡᠨ ᠤ | ᠠᠵᠤ ᠦᠢᠯᠡᠰ ᠤᠨ ᠬᠡᠯᠬᠢᠶ᠎ᠡ ᠶᠢ ᠤᠬᠠᠭᠠᠯᠠᠨ ᠲᠦᠯᠦᠪᠯᠡᠵᠦ ᠪᠠᠶᠢᠭᠤᠯᠤᠨ᠂ ᠵᠢᠭᠤᠯᠴᠢᠯᠠᠯ ᠤᠨ ᠬᠥᠮᠦᠨ ᠤᠳᠠᠭ᠎ᠠ᠂ | ᠶᠡᠷᠦᠩᠬᠡᠶ ᠣᠷᠣᠯᠭ᠎ᠠ᠂ ᠬᠥᠮᠦᠨ ᠳᠤᠮᠳᠠᠴᠢ ᠶᠢᠨ ᠵᠠᠷᠤᠳᠠᠯ ᠤᠨ ︽ᠭᠤᠷᠪᠠᠨ ᠨᠡᠮᠡᠭᠳᠡᠯ︾ ᠢ ᠠᠬᠢᠭᠤᠯᠤᠨ᠎ᠠ᠃ | ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠨᠢᠮᠪᠠᠶ ᠲᠥᠯᠥᠪᠯᠡᠵᠦ᠂ ᠰᠣᠳᠣᠨ ᠵᠢᠭᠤᠯᠴᠢᠯᠠᠯ ᠤᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠦᠨᠡᠨ ᠬᠦ ᠴᠢᠩᠭᠠᠷᠠᠭᠤᠯᠤᠨ᠂ ᠳᠤᠮᠳᠠᠳᠤ ᠤᠯᠤᠰ ᠤᠨ | ᠤᠮᠠᠷᠠᠲᠤ ᠬᠢᠯᠢ ᠶᠢᠨ ᠬᠠᠮᠤᠭ ᠤᠨ ᠭᠤᠶᠣ ᠵᠠᠰᠠᠮᠠᠯ ᠵᠠᠮ ᠢ ᠴᠤᠭᠴᠠᠯᠠᠨ᠎ᠠ᠃ ︽ᠤᠷᠤᠯᠳᠤᠭᠠᠨ ᠤ ᠳᠠᠰᠢᠷᠠᠮ ᠢᠶᠠᠷ | ᠵᠢᠭᠤᠯᠴᠢᠯᠠᠬᠤ︾᠂ ︽ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠢ ᠵᠡᠭᠡᠯᠢ ᠲᠣᠭᠤᠷᠢᠭ ᠲᠤ ᠣᠷᠣᠭᠤᠯᠬᠤ᠂ | ᠦᠵᠡᠮᠵᠢ ᠶᠢᠨ ᠣᠷᠣᠨ ᠳᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ ᠵᠡᠷᠭᠡ ᠰᠢᠷᠢᠰ | ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 35 ᠳ᠋ᠤᠭᠠᠷ | ᠬᠤᠭᠤᠴᠠᠭᠠᠨ ᠤ ᠵᠢᠭᠤᠯᠴᠢᠯᠠᠯ ᠤᠨ ᠨᠠᠶᠢᠷ ᠨᠠᠭᠠᠳᠤᠮ᠂ 21 ᠳ᠋ᠦ᠋ᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ | ᠨᠠᠭᠠᠳᠤᠮ᠂ ᠮᠠᠨᠵᠦᠦᠷ ᠤᠨ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠮᠥᠰᠥ ᠴᠠᠰᠤᠨ ᠤ ᠨᠠᠶᠢᠷ | ᠵᠡᠷᠭᠡ ᠶᠢ ᠰᠠᠶᠢᠲᠤᠷ ᠡᠷᠭᠢᠯᠡᠵᠦ᠂ ᠥᠨᠳᠥᠷ ᠲᠦᠪᠰᠢᠨ ᠪᠦᠬᠦᠢ ᠰᠣᠶᠣᠯ ᠲᠠᠮᠢᠷ ᠵᠢᠭᠤᠯᠴᠢᠯᠠᠯ ᠤᠨ ᠠᠵᠢᠯᠯᠠᠭ᠎ᠠ ᠶᠢ | ᠪᠣᠶ ᠪᠣᠯᠭᠠᠨ᠎ᠠ᠃ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠭᠡᠬᠦ ᠣᠷᠣᠨ ᠪᠦᠰᠡ ᠶᠢᠨ ᠰᠣᠶᠣᠯ | ᠵᠢᠭᠤᠯᠴᠢᠯᠠᠯ ᠤᠨ ᠨᠠᠷᠠᠲᠤ ᠲᠡᠮᠲᠡᠭ ᠢ ᠭᠤᠤᠯᠳᠠᠯᠭ᠎ᠠ ᠲᠠᠢ ᠴᠤᠭᠴᠠᠯᠠᠵᠤ᠂ ᠪᠥᠬᠦ ᠵᠢᠯ ᠳᠤ ᠪᠥᠬᠦ ᠣᠷᠣᠨ ᠤ | ᠵᠤᠭᠠᠴᠠᠭᠰᠠᠳ ᠤᠨ ᠲᠤᠭ᠎ᠠ ᠶᠢ 3 ᠳ᠋ᠦᠩᠰᠢᠭᠤᠷ ᠬᠥᠮᠦᠨ ᠤᠳᠠᠭ᠎ᠠ ᠠᠴᠠ ᠳᠠᠪᠠᠭᠤᠯᠬᠤ᠂ ᠵᠢᠭᠤᠯᠴᠢᠯᠠᠯ ᠤᠨ | ᠣᠷᠣᠯᠭ᠎ᠠ ᠶᠢ 4500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠳᠥᠷᠪᠡ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠶᠢ ᠲᠦᠷᠭᠡᠳᠬᠡᠵᠦ᠂ ᠴᠢᠬᠤᠯᠠ | ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ | ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ | ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ | ︵ᠨᠢᠭᠡ︶ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭᠠᠨ ᠢ ᠬᠡᠷᠡᠭᠵᠢᠭᠦᠯᠦᠨ᠎ᠡ᠃ | ᠴᠢᠬᠤᠯᠠ ᠶᠡᠭᠡ ᠲᠥᠷᠥᠯ ᠵᠦᠢᠯ ᠤᠨ ᠠᠬᠢᠭᠤᠯᠬᠤ᠂ ᠵᠣᠬᠢᠴᠠᠭᠤᠯᠬᠤ᠂ ᠲᠣᠬᠢᠷᠠᠭᠤᠯᠬᠤ ᠠᠵᠢᠯ ᠤᠨ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠳᠠᠯᠳᠤᠭᠠᠴᠢᠨ ᠤᠷᠢᠬᠤ ᠶᠢ ᠠᠳᠬᠤᠬᠤ᠂ ᠨᠥᠭᠡᠴᠡᠯᠡᠬᠦ ᠶᠢ | ᠠᠳᠬᠤᠬᠤ᠂ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ᠂ ᠠᠵᠢᠯ ᠡᠬᠢᠯᠡᠭᠦᠯᠬᠦ ᠶᠢ ᠠᠳᠬᠤᠬᠤ᠂ ᠠᠬᠢᠴᠠ ᠶᠢ | ᠠᠳᠬᠤᠬᠤ᠂ ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠪᠦᠷᠢᠳᠭᠡᠯ ᠳᠤ ᠣᠷᠣᠭᠤᠯᠬᠤ ᠶᠢ ᠠᠳᠬᠤᠬᠤ︾ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠶᠠᠪᠤᠴᠠᠨ ᠳᠤ ᠨᠠᠷᠢᠯᠢᠬᠵᠢᠭᠤᠯᠤᠨ ᠬᠠᠮᠢᠶᠠᠷᠬᠤ ᠶᠢ | ᠪᠡᠶᠡᠯᠡᠭᠦᠯᠦᠨ᠂ ᠭᠠᠵᠠᠷ ᠬᠡᠷᠡᠭᠯᠡᠬᠦ ᠪᠠ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠢᠨᠠᠨ | ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠬᠦ ᠶᠢ ᠠᠬᠢᠭᠤᠯᠵᠤ᠂ ᠪᠥᠬᠦ ᠵᠢᠯ ᠤᠨ ᠴᠢᠬᠤᠯᠠ ᠶᠡᠭᠡ ᠲᠥᠷᠥᠯ ᠵᠦᠢᠯ ᠤᠨ | ᠪᠡᠶᠡᠯᠡᠭᠦᠯᠬᠦ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠲᠦᠮᠡᠨ ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ | ᠨᠡᠮᠡᠭᠳᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠠᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠤᠳᠤᠯᠤᠯ ᠲᠠᠢ ᠤᠶᠠᠯᠳᠤᠭᠤᠯᠤᠨ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠷ᠎ᠠ ᠶᠢᠨ ᠬᠤᠭᠤᠴᠠᠭ᠎ᠠ ︵2025 ᠣᠨ︶᠂ | ᠤᠷᠲᠤᠪᠲᠤᠷ ᠬᠤᠭᠤᠴᠠᠭ᠎ᠠ ︵︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ | ᠬᠤᠭᠤᠴᠠᠭ᠎ᠠ︶᠂ ᠠᠯᠤᠰ ᠬᠤᠭᠤᠴᠠᠭ᠎ᠠ ︵︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠳᠤᠮᠳᠠ ᠪᠠ ᠰᠡᠭᠦᠯᠴᠢ ᠶᠢᠨ ᠬᠤᠭᠤᠴᠠᠭ᠎ᠠ︶ ᠶᠢᠨ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠵᠦ | ᠨᠥᠭᠡᠴᠡᠯᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠰ ᠱᠠᠲᠤ ᠬᠦᠷᠢᠶ᠎ᠡ ᠴᠠᠷᠠᠭ᠎ᠠ ᠬᠤᠪᠢᠶᠠᠨ ᠨᠥᠭᠡᠴᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠬᠡᠬᠦ ᠪᠠᠨ ᠲᠦᠷᠭᠡᠳᠬᠡᠨ᠎ᠡ᠃ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠨᠡᠶᠢᠭᠡᠮ ᠤᠨ ᠪᠠᠯᠠ ᠣᠷᠣᠭᠤᠯᠤᠯᠲᠠ ᠶᠢ | ᠪᠦᠲᠦᠮᠵᠢᠲᠡᠶ ᠳᠠᠶᠢᠴᠢᠯᠠᠨ᠂ ᠠᠷᠠᠳ ᠤᠨ ᠪᠠᠯᠠ ᠣᠷᠣᠭᠤᠯᠤᠯᠲᠠ ᠪᠠ ᠬᠦᠴᠦᠨ ᠵᠦᠢᠯ ᠤᠨ ᠪᠠᠲᠤᠯᠠᠭ᠎ᠠ ᠶᠢ | ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠷᠠᠳ ᠤᠨ ᠬᠥᠷᠥᠩᠭᠡ ᠳᠤ ᠲᠥᠷᠥᠯ | ᠵᠦᠢᠯ ᠢ ᠲᠠᠨᠢᠯᠴᠠᠭᠤᠯᠬᠤ ᠪᠠᠨ ᠪᠠᠶᠢᠩᠭᠤᠰᠢᠭᠤᠯᠤᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ ︵PPP︶ ᠶᠢᠨ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠠᠩ ᠣᠯᠠᠨ | ᠠᠷᠠᠳ ᠤᠨ ᠬᠥᠷᠥᠩᠭᠡ ᠶᠢ ᠲᠡᠳᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠭᠤᠯᠤᠨ᠂ ᠠᠷᠠᠳ ᠤᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠦᠷᠦᠯ | ᠵᠦᠢᠯ ᠢ ᠠᠩᠬ᠎ᠠ ᠶᠠᠷᠢᠯᠴᠠᠵᠤ ᠮᠡᠳᠡᠭᠦᠯᠦᠨ ᠳᠠᠩᠰᠠᠯᠠᠭᠤᠯᠬᠤ᠂ ᠡᠭᠦᠷᠭᠡ ᠴᠢᠳᠠᠮᠵᠢᠲᠦ ᠰᠠᠯᠠᠭ᠎ᠠ ᠮᠥᠴᠢᠷ ᠬᠠᠮᠲᠤᠷᠠᠨ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠭᠦᠢᠴᠡᠳᠭᠡᠬᠦ ᠶᠢᠨ | ᠱᠠᠩᠨᠠᠵᠤ ᠵᠠᠯᠬᠠᠭᠠᠬᠤ ᠲᠣᠭᠲᠠᠴᠠ ᠶᠢ ᠬᠡᠷᠡᠭᠵᠢᠭᠦᠯᠦᠨ᠂ ᠬᠤᠳᠠᠯᠳᠤᠭᠠᠴᠢᠨ ᠤᠷᠢᠬᠤ ᠳᠡᠭᠡᠳᠦ ᠴᠢᠳᠠᠮᠵᠢ ᠲᠠᠰ ᠤᠨ | ᠲᠠᠪᠴᠠᠩ ᠢ ᠴᠤᠭᠴᠠᠯᠠᠵᠤ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ – ᠮᠣᠩᠭᠤᠯ ᠤᠯᠤᠰ ᠤᠨ | ᠦᠵᠡᠰᠬᠦᠯᠡᠩ ᠤᠨ ᠴᠤᠭᠯᠠᠭᠠᠨ᠂ ᠭᠤᠷᠪᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ | ᠠᠬᠤᠶ ᠠᠷᠠᠯᠵᠢᠶ᠎ᠠ ᠶᠢᠨ ᠵᠥᠪᠳᠡᠯᠴᠡᠬᠦ ᠬᠤᠷᠠᠯ᠂ ᠭᠤᠷᠪᠠᠳᠤᠭᠠᠷ ᠬᠤᠭᠤᠴᠠᠭᠠᠨ ᠤ ᠳᠡᠯᠡᠬᠡᠶ ᠶᠢᠨ ᠰᠢᠨ᠎ᠡ ᠡᠨᠧᠷᠭᠢ | ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ | ᠪᠤᠳᠤᠬᠤ ᠴᠢᠳᠠᠪᠤᠷᠢ ᠶᠢᠨ ᠶᠡᠭᠡ ᠬᠤᠷᠠᠯ ᠵᠡᠷᠭᠡ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠳᠤ ᠪᠣᠲᠠᠲᠠᠶᠢᠵᠢᠭᠤᠯᠬᠤ ᠪᠡᠯᠡ ᠮᠦᠩᠭᠦ ᠶᠢ 5700 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ︵ᠬᠤᠶᠠᠷ︶ ᠬᠡᠷᠡᠭᠯᠡᠭᠡ ᠶᠢ ᠶᠡᠭᠡ ᠪᠠᠷ ᠬᠥᠭᠵᠢᠭᠡᠨ᠎ᠡ᠃ ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭᠠᠨ ᠢ | ᠬᠡᠷᠡᠭᠵᠢᠭᠦᠯᠦᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠶᠡᠷᠦᠩᠬᠡᠶᠢᠯᠡᠨ ᠬᠦᠴᠦᠯᠡᠬᠦ ᠶᠢᠨ ᠲᠣᠭᠤᠷᠢᠨ ᠳᠤ | ᠭᠤᠣᠯᠳᠠᠭᠤᠯᠤᠨ᠂ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ᠂ ᠬᠠᠩᠭᠠᠯᠭ᠎ᠠ ᠶᠢ | ᠪᠠᠶᠠᠯᠢᠭᠵᠢᠭᠤᠯᠬᠤ᠂ ᠬᠢᠵᠠᠭᠠᠷᠯᠠᠯ ᠢ ᠪᠠᠭᠠᠰᠬᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠠᠴᠠ | ᠭᠠᠷᠳᠠᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠬᠡᠷᠡᠭᠯᠡᠭᠡ ᠶᠢ ᠠᠬᠢᠭᠤᠯᠬᠤ ᠪᠠ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠲᠠ ᠤᠶᠠᠯᠳᠤᠭᠤᠯᠵᠤ᠂ ᠬᠡᠷᠡᠭᠯᠡᠭᠡ ᠶᠢᠨ ᠬᠡᠮᠵᠢᠶ᠎ᠡ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ ᠠᠩᠬ᠎ᠠ | ᠲᠠᠷᠬᠠᠭᠠᠬᠤ ᠠᠵᠤ ᠠᠬᠤᠶ᠂ ᠮᠥᠰᠥ ᠴᠠᠰᠤᠨ ᠤ ᠠᠵᠤ ᠠᠬᠤᠶ᠂ ᠪᠤᠭᠤᠷᠤᠯᠴᠤᠳ ᠤᠨ ᠠᠵᠤ ᠠᠬᠤᠶ᠂ | ᠤᠷᠤᠯᠳᠤᠭᠠᠨ ᠤ ᠶᠠᠪᠤᠳᠠᠯ ᠤᠨ ᠠᠵᠤ ᠠᠬᠤᠶ᠂ ᠦᠵᠡᠭᠦᠯᠭᠡ ᠶᠢᠨ ᠠᠵᠤ ᠠᠬᠤᠶ ᠵᠡᠷᠭᠡ ᠬᠡᠷᠡᠭᠯᠡᠭᠡᠨ ᠤ ᠰᠢᠨ᠎ᠡ | ᠨᠡᠮᠡᠭᠳᠡᠯ ᠴᠡᠭ ᠢ ᠦᠷᠭᠦᠯᠵᠢᠯᠡᠨ ᠪᠣᠶᠢᠵᠢᠭᠤᠯᠵᠤ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠪᠡᠶ᠎ᠡ ᠶᠢᠨ | ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠬᠡᠦᠬᠡᠳ ᠪᠤᠶᠢᠵᠢᠭᠤᠯᠬᠤ᠂ ᠬᠡᠷ ᠠᠬᠤᠶ ᠵᠡᠷᠭᠡ ᠦᠢᠯᠡᠴᠢᠯᠡᠭᠡᠨ ᠤ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠤᠯᠠᠮ ᠨᠢᠭᠡ ᠠᠯᠬᠤᠮ | ᠠᠬᠢᠭᠤᠯᠤᠨ᠎ᠠ᠃ ᠬᠥᠬᠡᠬᠤᠲᠠ ᠶᠢ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ | ᠬᠤᠲᠠ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ | ᠦᠵᠡᠭᠦᠯᠬᠦ ᠠᠮᠢᠳᠤᠷᠠᠯ ᠤᠨ ᠲᠣᠭᠤᠷᠢᠭ︾ ᠢ ᠲᠦᠷᠭᠡᠳᠬᠡᠨ ᠪᠠᠶᠢᠭᠤᠯᠵᠤ᠂ ᠤᠯᠠᠮᠵᠢᠯᠠᠯᠲᠤ ᠬᠤᠳᠠᠯᠳᠤᠭᠠᠨ ᠤ | ᠲᠤᠭᠤᠷᠢᠭ ︵ᠬᠤᠳᠠᠯᠳᠤᠭ᠎ᠠ ᠳᠡᠯᠭᠡᠭᠦᠷ︶ ᠤᠨ ᠳ᠋ᠢᠬᠢᠲᠴᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠂ ᠬᠡᠷᠡᠭᠯᠡᠭᠡᠨ ᠤ ᠲᠠᠯᠠᠪᠤᠷ ᠭᠠᠵᠠᠷ ᠤᠨ ᠦᠲᠡᠭᠦᠰ ᠲᠤ ᠲᠣᠬᠢᠷᠠᠭᠤᠯᠤᠨ ᠦᠭᠡᠷᠡᠴᠢᠯᠡᠵᠦ ᠰᠢᠨᠡᠳᠭᠡᠬᠦ ᠶᠢ | ᠲᠦᠷᠭᠡᠳᠬᠡᠵᠦ᠂ ᠤᠯᠤᠰ ᠤᠨ ︽ᠵᠠᠭᠤᠨ ᠡᠷᠦᠬᠡ ᠶᠢᠨ ᠬᠡᠷᠡᠭᠯᠡᠭᠡᠨ ᠤ ᠰᠢᠨ᠎ᠡ ᠪᠠᠶᠢᠳᠠᠯ︾ ᠤᠨ ᠣᠨ ᠤ ᠠᠵᠢᠯᠯᠠᠭ᠎ᠠ ᠶᠢ | ᠭᠤᠶᠤᠴᠢᠯᠠᠨ ᠮᠡᠳᠡᠭᠦᠯᠬᠦ ᠠᠵᠢᠯ ᠢᠶᠠᠨ ᠰᠠᠶᠢᠲᠤᠷ ᠬᠢᠨ᠎ᠠ᠃ ᠬᠠᠭᠤᠴᠢᠨ ᠨᠡᠷᠡᠮᠵᠢᠲᠦ ᠲᠠᠸᠠᠷ ᠤᠨ ︽ᠦᠨᠡᠮᠰᠢᠵᠦ | ᠮᠡᠳᠡᠷᠡᠬᠦ ᠪᠠ ᠪᠤᠴᠠᠭᠠᠵᠤ ᠭᠠᠷᠭᠠᠬᠤ︾ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ | ᠤᠯᠤᠰ ᠤᠨ ᠪᠠᠷᠠᠭ᠎ᠠ ᠶᠢᠨ ︽ᠴᠠᠭ ᠤᠨ ᠦᠩᠭᠡᠲᠦ ᠲᠠᠸᠠᠷ︾ ᠤᠨ ᠬᠡᠷᠡᠭᠯᠡᠭᠡᠨ ᠤ ᠬᠠᠯᠠᠮᠰᠢᠯ ᠴᠡᠭ ᠢ ᠦᠷᠭᠦᠯᠵᠢᠯᠡᠨ | ᠪᠣᠶᠢᠵᠢᠭᠤᠯᠤᠨ᠎ᠠ᠃ ᠬᠤᠪᠢ ᠶᠢᠨ ᠪᠠ ᠬᠤᠪᠢᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ᠂ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ | ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠷᠡᠭᠯᠡᠭᠡᠨ ᠤ ᠲᠠᠯᠳᠠ ᠬᠦᠴᠦᠨ ᠢ | ᠬᠥᠭᠵᠢᠭᠡᠨ᠎ᠡ᠃ | ︵ᠭᠤᠷᠪᠠ︶ ︽ᠬᠤᠶᠠᠷ ᠴᠢᠬᠤᠯᠠ︾᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ | ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠪᠠᠷ ᠬᠦᠴᠦᠯᠡᠨ᠎ᠡ᠃ ︽ᠬᠤᠶᠠᠷ ᠴᠢᠬᠤᠯᠠ︾ ᠶᠢᠨ ᠪᠥᠲᠥᠭᠡᠨ | ᠪᠠᠶᠢᠭᠤᠯᠤᠯᠲᠠ ᠶᠢ ᠨᠠᠩ ᠴᠢᠨᠠᠷ ᠰᠠᠶᠢᠲᠠᠶ ᠠᠬᠢᠭᠤᠯᠵᠤ᠂ ︽ᠬᠠᠲᠠᠭᠤ ᠪᠠᠯᠠ ᠣᠷᠣᠭᠤᠯᠤᠯᠲᠠ︾ ᠪᠠ ︽ᠵᠥᠭᠡᠯᠡᠨ | ᠪᠥᠲᠥᠭᠡᠨ ᠪᠠᠶᠢᠭᠤᠯᠤᠯᠲᠠ︾ ᠶᠢ ᠨᠠᠩ ᠰᠠᠶᠢᠬᠠᠨ ᠨᠢᠭᠡᠳᠦᠯᠲᠡᠶ ᠲᠥᠯᠥᠪᠯᠡᠨ᠂ ᠤᠯᠤᠰ ᠤᠨ ︽ᠬᠤᠶᠠᠷ ᠴᠢᠬᠤᠯᠠ︾ | ᠶᠢᠨ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠰᠠᠶᠢᠲᠤᠷ ᠡᠵᠡᠮᠳᠡᠵᠦ᠂ ᠡᠯ᠎ᠡ ᠬᠦᠷᠢᠶ᠎ᠡ ᠴᠠᠷᠠᠭᠠᠨ ᠤ | ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠤᠨ ᠡᠯ᠎ᠡ ᠲᠥᠷᠥᠯ ᠤᠨ ᠬᠡᠷᠡᠭᠵᠢᠭᠦᠯᠬᠦ | ᠲᠥᠰᠦᠯ ᠢᠶᠠᠷ ᠪᠠᠷᠢᠮᠵᠢᠶᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ | ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠴᠠᠷᠠᠭᠠᠨ ᠤ ᠲᠥᠷᠥᠯ ᠵᠦᠢᠯ ᠤᠨ ᠨᠥᠭᠡᠴᠡ ᠶᠢ | ᠴᠢᠩᠭᠠᠳᠬᠠᠵᠤ᠂ ᠪᠠᠯᠠ ᠮᠥᠩᠭᠦ ᠴᠢᠷᠮᠠᠶᠢᠨ ᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠥᠷᠥᠯ ᠵᠦᠢᠯ ᠢ | ᠨᠡᠭᠡᠭᠡᠪᠡᠰᠦ ᠵᠣᠬᠢᠬᠤ ᠶᠢ ᠨᠢ ᠪᠦᠬᠦᠨ ᠢ ᠨᠡᠭᠡᠭᠡᠬᠦ ᠶᠢ ᠠᠬᠢᠭᠤᠯᠵᠤ᠂ ᠨᠠᠩ ᠣᠯᠠᠨ ᠪᠣᠳᠠᠲᠤ ᠵᠦᠢᠯ ᠤᠨ ᠠᠵᠢᠯ ᠤᠨ | ᠬᠡᠮᠵᠢᠶ᠎ᠡ ᠶᠢ ᠪᠣᠶ ᠪᠣᠯᠭᠠᠨ᠎ᠠ᠃ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠲᠣᠭᠲᠠᠭᠠᠬᠤ ᠪᠠ ᠪᠠᠶᠢᠭᠤᠯᠤᠯ | ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠎ᠠ᠃ ︽ᠬᠤᠶᠠᠷ ᠰᠢᠨ᠎ᠡ︾ ᠲᠥᠷᠥ ᠶᠢᠨ | ᠪᠣᠳᠣᠯᠭ᠎ᠠ ᠶᠢ ᠬᠦᠴᠦᠯᠡᠨ ᠬᠡᠪᠴᠢᠶ᠎ᠡ ᠥᠷᠭᠡᠳᠬᠡᠨ ᠬᠡᠷᠡᠭᠵᠢᠭᠦᠯᠵᠦ᠂ ᠲᠥᠬᠦᠭᠡᠷᠦᠮᠵᠢ ᠶᠢ ᠰᠢᠨᠡᠳᠬᠡᠬᠦ ᠲᠥᠷᠥᠯ | ᠵᠦᠢᠯ ᠤᠨ ᠨᠥᠭᠡᠴᠡ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠳᠡᠭᠡᠳᠦ ᠳᠡᠰᠴᠢᠯᠡᠭᠰᠡᠨ᠂ ᠪᠣᠬᠢᠷᠲᠤᠯ ᠥᠬᠡᠶ᠂ | ᠤᠶᠤᠨᠴᠢᠯᠠᠭᠰᠠᠨ ᠲᠥᠬᠦᠭᠡᠷᠦᠮᠵᠢ ᠪᠠᠷ ᠰᠢᠨᠡᠳᠬᠡᠬᠦ ᠶᠢ ᠭᠤᠤᠯᠳᠠᠯᠭ᠎ᠠ ᠲᠠᠢ ᠳᠡᠮᠵᠢᠨ᠎ᠡ᠃ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠬᠡᠪᠴᠢᠶ᠎ᠡ ᠶᠢ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠳᠤ | ᠬᠦᠷᠲᠡᠯ᠎ᠡ ᠥᠷᠭᠡᠳᠬᠡᠵᠦ᠂ ᠭᠡᠷ ᠴᠢᠮᠡᠭᠯᠡᠯ ᠤᠨ ᠬᠦᠷᠢᠶ᠎ᠡ ᠴᠠᠷᠠᠭᠠᠨ ᠳᠠᠬᠢ ᠬᠠᠭᠤᠴᠢᠨ ᠢᠶᠠᠷ ᠰᠢᠨ᠎ᠡ ᠶᠢ ᠰᠣᠯᠢᠬᠤ | ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ᠎ᠡ᠃ | ᠲᠥᠷᠥᠯ ᠵᠦᠢᠯ ᠪᠠ ᠪᠠᠯᠠ ᠮᠥᠩᠭᠦ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠡᠨᠧᠷᠭᠢ ᠶᠢᠨ | ᠬᠤᠷᠣᠭᠳᠠᠯ ᠵᠡᠷᠭᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠳᠠᠯᠠᠵᠤ᠂ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠪᠣᠳᠠᠲᠠᠶ ᠬᠦᠷᠢᠶ᠎ᠡ ᠬᠡᠪᠴᠢᠶ᠎ᠡ ᠪᠤᠶᠤ ᠲᠥᠷᠥᠯ ᠵᠦᠢᠯ ᠢ ᠦᠷᠭᠦᠯᠵᠢᠯᠡᠨ | ᠰᠦᠪᠡᠭᠴᠢᠯᠡᠵᠦ ᠥᠷᠭᠡᠳᠬᠡᠨ᠎ᠡ᠃ | ︵ᠳᠥᠷᠪᠡ︶ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ︽ᠲᠦᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ | ᠲᠡᠭᠡᠭᠡᠪᠦᠷᠢ ᠶᠢᠨ ᠵᠠᠮ ᠢ ᠲᠦᠷᠭᠡᠳᠭᠡᠨ ᠪᠠᠶᠢᠭᠤᠯᠤᠨ᠎ᠠ᠃ ᠲᠡᠮᠦᠷ ᠵᠠᠮ ᠤᠨ ᠲᠠᠯ᠎ᠠ ᠪᠠᠷ᠂ ᠪᠤᠭᠤᠲᠤ ᠠᠴᠠ ᠢᠷᠭᠠᠶ | ᠬᠥᠷᠬᠦ ᠲᠥᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨ ᠾᠧ ᠠᠴᠠ ᠬᠠᠮᠢ ᠬᠦᠷᠬᠦ ᠱᠤᠭᠤᠮ᠂ ᠵᠢᠨᠢᠩ ᠠᠴᠠ | ᠡᠷᠢᠶᠡᠨ ᠬᠦᠷᠬᠦ ᠱᠤᠭᠤᠮ ᠤᠨ ᠴᠢᠳᠠᠮᠵᠢ ᠶᠢ ᠨᠢ ᠥᠷᠭᠡᠳᠬᠡᠨ ᠦᠭᠡᠷᠡᠴᠢᠯᠡᠨ ᠰᠢᠨᠡᠳᠭᠡᠵᠦ᠂ ᠪᠤᠭᠤᠲᠤ ᠣᠷᠳᠣᠰ | ᠲᠡᠮᠡᠭᠡᠲᠦ ᠶᠢᠨ ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠠᠯ᠎ᠠ ᠪᠠᠷ᠂ | S22 ᠪᠠᠶᠠᠨᠴᠠᠭᠠᠨ ᠠᠴᠠ ᠶᠦᠩ ᠲᠠᠢ ᠬᠦᠩ ᠬᠥᠷᠬᠦ ᠬᠡᠰᠡᠭ ᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ | ᠵᠠᠮ ᠢ 5000 ᠺᠢᠯᠣᠮᠧᠲᠷ ᠰᠢᠨ᠎ᠡ ᠪᠠᠷ ᠪᠠᠶᠢᠭᠤᠯᠵᠤ᠂ G0616 ᠬᠠᠯᠢᠭᠤᠲᠤ ᠠᠴᠠ ᠮᠤᠨᠠ ᠠᠭᠤᠯᠠ ᠪᠠᠯᠭᠠᠰᠤ | ᠬᠦᠷᠬᠦ ᠬᠡᠰᠡᠭ᠂ G1817 ᠤᠰᠤᠲᠠᠶ ᠠᠴᠠ ᠪᠠᠶᠠᠨ ᠬᠤᠳᠳᠤᠭ ᠬᠥᠷᠬᠦ ᠬᠡᠰᠡᠭ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠨᠢᠰᠬᠡᠯ ᠤᠨ ᠪᠠᠭᠤᠳᠠᠯ ᠤᠨ ᠲᠠᠯ᠎ᠠ ᠪᠠᠷ᠂ ᠬᠥᠬᠡᠬᠤᠲᠠ ᠶᠢᠨ ᠱᠧᠩᠯᠧ | ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠬᠦ ᠶᠢ ᠦᠨᠡᠨ ᠬᠦ | ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠪᠠ ᠤᠯᠠᠭᠠᠶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠤᠨ᠎ᠠ᠃ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠣᠭᠲᠠᠯᠴᠠᠭ᠎ᠠ ᠶᠢ | ᠲᠦᠷᠭᠡᠳᠭᠡᠨ ᠪᠠᠶᠢᠭᠤᠯᠤᠨ᠎ᠠ᠃ ᠬᠤᠳᠠ ᠶᠢᠨ ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠭᠡ | ᠲᠣᠰᠬᠤᠨ ᠤ ᠵᠠᠬ᠎ᠠ ᠳᠡᠯᠭᠡᠭᠦᠷ ᠢ ᠲᠡᠰ ᠳᠡᠪᠰᠢᠭᠦᠯᠬᠦ᠂ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ | ᠳᠡᠭᠡᠭᠰᠢᠯᠡᠭᠦᠯᠬᠦ᠂ ᠪᠥᠭᠡᠮ ᠢᠶᠠᠷ ᠬᠤᠳᠠᠯᠳᠤᠬᠤ ᠦᠢᠯᠡᠰ ᠢ ᠴᠢᠨᠠᠷ ᠰᠠᠶᠢᠲᠠᠶ ᠬᠥᠭᠵᠢᠭᠦᠯᠬᠦ᠂ ᠬᠠᠩᠭᠠᠯᠭ᠎ᠠ ᠶᠢᠨ | ᠬᠡᠯᠬᠢᠶ᠎ᠡ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠳᠤ | ᠳ᠋ᠢᠭᠢᠲ ᠤᠶᠤᠨᠴᠢ ᠪᠠᠷ ᠴᠢᠳᠠᠮᠵᠢ ᠣᠯᠭᠤᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠪᠠ | ᠭᠦᠢᠯᠭᠡᠭᠡᠨ ᠤ ᠬᠦᠷᠢᠶᠡᠨ ᠳᠠᠬᠢ ᠲᠡᠷᠢᠭᠦᠨ ᠤ ᠠᠵᠤ ᠠᠬᠤᠶᠢᠯᠠᠯ ᠢ ᠪᠣᠶᠢᠵᠢᠭᠤᠯᠬᠤ ᠵᠡᠷᠭᠡ ᠢᠨᠵᠧᠨᠧᠷᠢᠩ ᠢ | ᠬᠡᠷᠡᠭᠵᠢᠭᠦᠯᠦᠨ᠎ᠡ᠃ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠭᠤᠤᠯ ᠬᠦᠢᠰᠦ᠂ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ᠂ ᠤᠯᠤᠰ ᠤᠨ ᠨᠢᠷᠤᠭᠤᠪᠴᠢ ᠭᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠪᠠᠶᠢᠷᠢᠰᠢᠭᠤᠯᠤᠯᠲᠠ ᠪᠠᠶᠢᠭᠤᠯᠤᠯᠲᠠ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠢᠯᠡᠭᠡᠯᠲᠡ ᠬᠦᠷᠭᠡᠯᠲᠡ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢᠨ ᠠᠵᠢᠯ ᠢ ᠪᠠᠶᠢᠩᠭᠤᠰᠢᠭᠤᠯᠤᠨ ᠠᠬᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ | ᠢᠯᠡᠭᠡᠯᠲᠡ ᠲᠠᠢ ᠪᠣᠯᠭᠠᠬᠤ︾ ᠨᠡᠪᠲᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ᠲᠠᠪᠤ᠂ ᠠᠯᠤᠰ ᠬᠡᠳᠤ ᠶᠢᠨ ᠬᠥᠭᠵᠢᠯᠲᠡ ᠶᠢᠨ ᠬᠠᠷᠠᠯᠲᠠ ᠪᠠᠨ ᠣᠨᠢᠯᠠᠵᠤ᠂ ᠲᠦᠷᠦ ᠶᠢᠨ ᠪᠤᠳᠤᠯᠭ᠎ᠠ᠂ | ᠥᠭᠡᠷᠡᠴᠢᠯᠡᠯᠲᠡ᠂ ᠲᠥᠯᠥᠪᠵᠢᠭᠦᠯᠭᠡ ᠶᠢ ᠪᠣᠲᠠᠲᠠᠶᠢᠵᠢᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠤᠨ᠎ᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ | ᠪᠣᠯᠭᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ | ᠭᠤᠣᠯᠳᠠᠯᠭ᠎ᠠ ᠪᠣᠯᠬᠤ ᠡᠭᠦᠷᠭᠡ ᠶᠢ ᠪᠣᠳᠠᠲᠠᠶ ᠪᠤᠳᠠᠳᠤ ᠶᠠᠪᠤᠳᠠᠯ ᠪᠣᠯᠭᠠᠨ ᠬᠤᠪᠢᠷᠠᠭᠤᠯᠬᠤ ᠶᠢ ᠱᠠᠯᠠᠪᠳᠠᠨ ᠠᠳᠬᠤᠵᠤ᠂ | ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠴᠡᠪᠡᠷ | ᠠᠰᠢᠭ ᠢ ᠪᠠᠳᠠᠷᠠᠭᠤᠯᠤᠨ᠎ᠠ᠃ | ︵ᠨᠢᠭᠡ︶ ᠲᠥᠷᠥ ᠶᠢᠨ ᠪᠣᠳᠣᠯᠭ᠎ᠠ ᠶᠢᠨ ᠪᠣᠲᠠᠲᠠᠶᠢᠵᠢᠭᠤᠯᠤᠯᠲᠠ ᠶᠢ ᠨᠠᠩ ᠶᠡᠭᠡ ᠡᠷᠴᠢᠮ ᠢᠶᠠᠷ ᠠᠬᠢᠭᠤᠯᠤᠨ᠎ᠠ᠃ | ᠨᠠᠩ ᠢᠳᠡᠪᠬᠢᠲᠡᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠠᠬᠢᠭᠤᠯᠵᠤ᠂ ᠲᠡᠭ | ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠤᠨ᠎ᠠ᠃ ᠪᠦᠬᠦ ᠵᠢᠯ ᠤᠨ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠠᠲᠤᠯᠠᠭᠠᠲᠤ ᠴᠢᠨᠠᠷᠲᠠᠢ ᠪᠤᠰᠤ | ᠪᠠᠴᠢᠮ ᠬᠡᠷᠡᠭᠴᠡᠭᠡᠨ ᠤ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠠᠵᠢᠯ ᠢ ᠰᠠᠶᠢᠲᠤᠷ ᠬᠢᠵᠦ᠂ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ᠂ ᠡᠬᠢ ᠪᠠᠶᠠᠯᠢᠭ᠂ ᠪᠡᠯᠡ ᠮᠥᠩᠭᠦ ᠶᠢ ᠬᠤᠶᠠᠷ ᠶᠡᠭᠡ ᠶᠠᠪᠤᠳᠠᠯ ᠳᠤ ᠴᠢᠭᠯᠡᠭᠦᠯᠦᠨ | ᠲᠦᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ ᠵᠣᠬᠢᠰᠲᠠᠶ ᠠᠭᠤᠵᠢᠭᠤ ᠪᠠᠶᠢᠯᠭᠠᠬᠤ ᠵᠣᠭᠤᠰᠣᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠤ ︽ᠪᠦᠬᠦᠨ ᠢ ᠬᠠᠮᠤᠷᠤᠭᠰᠠᠨ | ᠨᠡᠮᠡᠭᠳᠡᠯ ᠤᠨ ᠲᠥᠷᠥ ᠶᠢᠨ ᠪᠣᠳᠣᠯᠭ᠎ᠠ︾ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠡᠬᠡ | ᠮᠥᠩᠭᠦ ᠶᠢ ᠨᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠵᠢᠭᠡᠯᠡᠯᠭᠡ᠂ ᠳ᠋ᠦᠩᠨᠡᠨ ᠪᠤᠳᠤᠯᠲᠠ᠂ ᠬᠠᠤᠯᠢ ᠶᠢᠨ ᠡᠷᠬᠡᠲᠡᠨ ᠤ ︽ᠭᠤᠷᠪᠠ ᠶᠢ | ᠪᠣᠲᠠᠲᠠᠶᠢᠵᠢᠭᠤᠯᠬᠤ︾ ᠶᠢ ᠠᠬᠢᠭᠤᠯᠵᠤ᠂ ᠪᠠᠩᠬᠢ ᠳᠠᠭᠠᠳᠬᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ | ᠪᠠᠭᠤᠷᠠᠭᠤᠯᠬᠤ ᠶᠢ ᠰᠦᠪᠡᠭᠴᠢᠯᠡᠵᠦ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ | ᠵᠢᠶᠦ᠋ᠨ ᠲᠥᠯᠥᠪᠯᠡᠭᠡ︾ ᠪᠠ ︽ᠮᠢᠩᠭ᠎ᠠ ᠵᠠᠭᠤᠨ ᠤ ᠢᠨᠵᠧᠨᠧᠷᠢᠩ︾ ᠢ ᠬᠡᠷᠡᠭᠵᠢᠭᠦᠯᠦᠨ᠂ ᠪᠥᠬᠦ ᠤᠯᠤᠰ ᠲᠤ | ᠬᠠᠨᠳᠤᠭᠤᠯᠤᠭᠰᠠᠨ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ | ᠲᠥᠪ ᠤᠨ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ | ᠥᠷᠲᠡᠭ ᠢ 6% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠦᠷᠦ ᠶᠢᠨ ᠪᠤᠳᠤᠯᠭ᠎ᠠ ᠶᠢ ᠪᠣᠲᠠᠲᠠᠶᠢᠵᠢᠭᠤᠯᠵᠤ | ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠪᠠᠶᠢᠩᠭᠤᠰᠢᠭᠤᠯᠤᠨ ᠰᠠᠶᠢᠲᠤᠷ ᠠᠳᠬᠤᠵᠤ᠂ ᠡᠳ᠋ ᠤᠨ ᠵᠠᠰᠠᠭ᠂ ᠵᠣᠭᠤᠰ᠂ ᠠᠵᠢᠯ | ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠨᠠᠯᠲᠠ | ᠬᠠᠮᠢᠶᠠᠷᠤᠯᠲᠠ ᠵᠡᠷᠭᠡ ᠲᠦᠷᠦ ᠶᠢᠨ ᠪᠤᠳᠤᠯᠭ᠎ᠠ ᠪᠠ ᠥᠭᠡᠷᠡᠴᠢᠯᠡᠯᠲᠡ ᠨᠡᠭᠡᠭᠡᠯᠳᠡ ᠶᠢᠨ ᠠᠷᠭ᠎ᠠ ᠬᠡᠮᠵᠢᠶᠡᠨ ᠤ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠨᠡᠶᠢᠯᠡᠮᠡᠯ ᠬᠦᠴᠦᠨ ᠢ | ᠴᠢᠩᠭᠠᠷᠠᠭᠤᠯᠤᠨ᠎ᠠ᠃ | ︵ᠬᠤᠶᠠᠷ︶ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠡᠩ ᠶᠡᠭᠡ | ᠡᠷᠴᠢᠮ ᠢᠶᠠᠷ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳ᠋ᠢᠭᠢᠲ ᠵᠠᠰᠠᠭ ᠤᠨ ᠣᠷᠳᠣᠨ ᠪᠠ ᠲᠠᠰ ᠱᠠᠲᠤ ᠰᠠᠯᠠᠭ᠎ᠠ ᠮᠥᠴᠢᠷ | ᠠᠯᠤᠰᠯᠠᠨ ᠠᠵᠢᠯ ᠶᠠᠪᠤᠳᠠᠯ ᠭᠦᠢᠴᠡᠳᠬᠡᠬᠦ ᠰᠠᠭᠠᠳ ᠥᠬᠡᠶ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ 30 ᠵᠦᠢᠯ᠂ ︽ᠪᠥᠬᠦ | ᠣᠷᠣᠨ ᠳᠤ ᠨᠡᠶᠢᠳᠡᠮ ᠭᠦᠢᠴᠡᠳᠭᠡᠬᠦ︾ 150 ᠵᠦᠢᠯᠡᠰ ᠢ ᠰᠢᠨ᠎ᠡ ᠪᠠᠷ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ | ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ︽ᠪᠥᠬᠦ ᠤᠯᠤᠰ ᠤᠨ ᠨᠢᠭᠡᠳᠦᠯᠲᠡᠶ | ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠪᠠ | ︽ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠨᠠᠵᠠᠭᠠᠶ ᠲᠠᠯ᠎ᠠ ᠶᠢᠨ ᠲᠤᠳᠤᠷᠬᠠᠢ ᠬᠠᠭᠤᠳᠠᠰᠤ︾ ᠶᠢ ᠴᠢᠩᠭ᠎ᠠ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠠᠷᠭ᠎ᠠ ᠪᠠ ᠬᠠᠮᠲᠤᠷᠠᠨ ᠬᠢᠨᠠᠨ ᠪᠠᠶᠢᠴᠠᠭᠠᠬᠤ ᠲᠦᠷᠢᠮ ᠲᠣᠭᠲᠠᠭᠠᠯ ᠢ ᠨᠡᠶᠢᠲᠡᠯᠡᠵᠦ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶ᠎ᠡ ᠴᠠᠷᠠᠭᠠᠨ ᠤ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠤᠭᠤᠯᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠵᠡᠷᠭᠡ ᠲᠠᠪᠴᠠᠩ ᠢ ᠭᠦᠢᠴᠡᠳ ᠠᠰᠢᠭᠯᠠᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠬᠢᠨ ᠤ ᠳᠠᠯᠳᠠ ᠬᠤᠷᠢᠭ᠎ᠠ ᠶᠢ ᠵᠠᠭᠠᠯᠳᠤᠬᠤ ᠠᠷᠭ᠎ᠠ ᠵᠠᠮ ᠪᠠ ᠰᠢᠢᠳᠪᠦᠷᠢᠯᠡᠵᠦ | ᠬᠠᠷᠢᠭᠤ ᠥᠭᠬᠦ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠲᠠᠷᠢᠶᠠᠯᠠᠬᠤ ᠮᠠᠯᠵᠢᠬᠤ ᠣᠷᠣᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠶᠢ ᠠᠬᠢᠭᠤᠯᠵᠤ᠂ ︽ᠲᠠᠷᠢᠶᠠᠯᠠᠬᠤ ᠮᠠᠯᠵᠢᠬᠤ | ᠣᠷᠣᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠶᠢ ᠵᠢᠷᠤᠮᠵᠢᠭᠤᠯᠬᠤ ᠪᠠ | ᠳᠠᠭᠠᠭᠠᠴᠢᠯᠠᠭᠰᠠᠨ ᠭᠠᠵᠠᠷ ᠤᠨ ᠬᠡᠰᠡᠭᠯᠡᠭᠰᠡᠨ ᠬᠥᠭᠵᠢᠯᠲᠡ ᠶᠢ ᠰᠶᠢᠳᠪᠦᠷᠢᠯᠡᠵᠦ ᠵᠣᠬᠢᠰᠲᠠᠢ ᠪᠠᠷ ᠬᠡᠪᠴᠢᠶᠡᠵᠢᠭᠦᠯᠦᠨ | ᠡᠵᠡᠩᠨᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ | ᠨᠠᠶᠢᠳᠠᠪᠤᠷᠢᠵᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠪᠠ ᠬᠠᠳᠤᠯᠠᠩ ᠪᠡᠯᠴᠢᠭᠡᠷ ᠤᠨ | ᠳᠠᠭᠠᠭᠠᠴᠢᠯᠠᠯᠲᠠ ᠶᠢ ᠣᠷᠲᠤᠳᠬᠠᠬᠤ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ︵ᠭᠤᠷᠪᠠ︶ ᠬᠦᠴᠦᠨ ᠢᠶᠠᠨ ᠲᠥᠪᠯᠡᠷᠡᠭᠦᠯᠦᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠥᠷᠨᠢᠭᠦᠯᠦᠨ᠎ᠡ᠃ 2024 ᠣᠨ ᠳᠤ ᠥᠪᠡᠷᠲᠡᠭᠡᠨ | ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠦᠨᠳᠦᠰᠦᠨ | ᠰᠡᠳᠬᠢᠮᠵᠢ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠰᠠᠨᠠᠭᠤᠯᠭ᠎ᠠ︾ ᠪᠠ ︽ᠬᠥᠲᠥᠯᠪᠦᠷᠢ︾ ᠶᠢᠨ ᠡᠬᠡ ᠲᠥᠰᠦᠯ ᠢ ᠱᠠᠯᠠᠪᠳᠠᠨ ᠪᠦᠷᠢᠯᠳᠦᠭᠦᠯᠵᠦ᠂ | ᠴᠢᠬᠤᠯᠠ ᠶᠡᠭᠡ ᠲᠤᠰᠬᠠᠶ ᠰᠡᠳᠦᠪᠲᠦ ᠰᠤᠳᠤᠯᠭᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠭᠦᠢᠴᠡᠳᠬᠡᠯ | ᠲᠤᠭ᠎ᠠ ᠶᠢᠨ ᠲᠥᠰᠦᠭᠡᠯᠡᠨ ᠪᠣᠳᠣᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠬᠦᠴᠦᠨ ᠢᠶᠠᠨ | ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠶ ᠶᠡᠭᠡ ᠶᠠᠪᠤᠳᠠᠯ᠂ ᠪᠠᠴᠢᠮ ᠶᠠᠪᠤᠳᠠᠯ᠂ ᠬᠦᠴᠢᠷ ᠶᠠᠪᠤᠳᠠᠯ ᠤᠨ | ᠲᠣᠭᠤᠷᠢᠨ ᠳᠤ ᠴᠢᠩᠭ᠎ᠠ ᠨᠢᠭᠲᠠᠷᠠᠨ᠂ ︽ᠨᠢᠭᠡ ᠰᠢᠷᠬᠡᠭ ᠦᠰᠦ ᠶᠢ ᠨᠢ ᠴᠢᠩᠭᠠᠭᠠᠪᠠᠯ ᠪᠦᠬᠦ ᠪᠡᠶ᠎ᠡ ᠨᠢ ᠬᠥᠳᠡᠯᠬᠦ︾ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠤᠨ ᠭᠠᠷᠭᠠᠬᠤ ᠪᠠᠷ ᠴᠢᠷᠮᠠᠶᠢᠵᠤ᠂ ᠴᠢᠬᠤᠯᠠ ᠶᠡᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠪᠡᠯᠭᠡ ᠲᠡᠮᠳᠡᠭ ᠤᠨ ᠴᠢᠨᠠᠷᠲᠠᠶ ᠬᠦᠲᠦᠯᠦᠨ ᠳᠠᠭᠠᠭᠤᠯᠬᠤ ᠴᠢᠨᠠᠷᠲᠠᠶ ᠨᠢᠭᠡ ᠪᠦᠯᠦᠭ ᠴᠢᠬᠤᠯᠠ ᠶᠡᠭᠡ ᠲᠠᠩ ᠴᠣᠭᠴᠠᠲᠤ | ᠢᠨᠵᠧᠨᠧᠷᠢᠩ ᠪᠠ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠲᠦᠷᠦᠯ ᠵᠦᠢᠯ ᠢ ᠤᠬᠠᠭᠠᠯᠠᠵᠤ ᠲᠥᠯᠥᠪᠯᠡᠨ᠂ ᠤᠯᠤᠰ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠦᠲᠦᠯᠪᠦᠷᠢ︾ ᠲᠠᠢ ᠵᠣᠯᠭᠠᠭᠤᠯᠬᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠬᠤ ᠪᠠ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠭᠠᠷᠴᠠᠭ ᠤᠨ ᠲᠤᠳᠤᠷᠬᠠᠢ ᠬᠠᠭᠤᠳᠠᠰᠤ︾ ᠶᠢ ᠲᠣᠭᠲᠠᠭᠠᠵᠤ᠂ ᠡᠯ᠎ᠡ ᠲᠥᠷᠥᠯ ᠤᠨ ᠲᠤᠰᠬᠠᠶ ᠵᠦᠢᠯ ᠤᠨ | ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ︽ᠬᠥᠲᠥᠯᠪᠦᠷᠢ︾ ᠯᠦᠭᠡ | ᠵᠡᠷᠭᠡ ᠳᠤ ᠨᠢ ᠰᠤᠳᠤᠯᠵᠤ᠂ ᠵᠡᠷᠭᠡ ᠳᠤ ᠨᠢ ᠨᠠᠶᠢᠷᠠᠭᠤᠯᠤᠨ ᠵᠣᠬᠢᠶᠠᠵᠤ᠂ ᠵᠡᠷᠭᠡ ᠳᠤ ᠨᠢ ᠬᠡᠷᠡᠭᠵᠢᠭᠦᠯᠬᠦ ᠶᠢ ᠦᠨᠡᠨ ᠬᠦ | ᠪᠠᠲᠤᠯᠠᠨ᠎ᠠ᠃ | ᠵᠢᠷᠭᠤᠭ᠎ᠠ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠢ | ᠲᠤᠰᠠᠯᠠᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠤᠯᠠᠮ ᠨᠢᠭᠡ ᠠᠯᠬᠤᠮ ᠠᠷᠢᠯᠭᠠᠵᠤ᠂ ᠠᠵᠤ ᠠᠬᠤᠶᠢᠯᠠᠯ ᠢ | ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠶᠢᠨ ᠳᠣᠲᠣᠭᠠᠳᠤ ᠬᠦᠳᠡᠯᠭᠡᠭᠴᠢ ᠬᠦᠴᠦᠨ ᠢ ᠭᠦᠢᠴᠡᠳ ᠬᠥᠭᠵᠢᠭᠡᠨ᠎ᠡ᠃ | ︵ᠨᠢᠭᠡ︶ ᠡᠵᠡᠩᠨᠡᠯᠲᠡ ᠶᠢᠨ ᠭᠤᠤᠯ ᠴᠣᠭᠴᠠ ᠶᠢᠨ ᠬᠡᠪᠴᠢᠶᠡᠵᠢᠯ ᠢ ᠦᠷᠭᠦᠯᠵᠢᠯᠡᠨ ᠥᠷᠭᠡᠳᠬᠡᠨ᠎ᠡ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠰᠠᠭ ᠤᠨ | ᠣᠷᠳᠣᠨ ᠤ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠢᠴᠡᠳᠬᠡᠬᠦ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠨ᠂ ᠢᠲᠡᠭᠡᠮᠵᠢ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠤᠨ 4.0 ᠪᠠᠷᠯᠠᠯ ᠤᠨ ᠲᠥᠰᠦᠯ ᠤᠨ 160 ᠵᠦᠢᠯ ᠤᠨ ᠭᠤᠤᠯᠳᠠᠯᠭ᠎ᠠ | ᠪᠣᠯᠬᠤ ᠡᠭᠦᠷᠭᠡ ᠶᠢ ᠨᠠᠶᠢᠳᠠᠪᠤᠷᠢᠵᠢᠭᠤᠯᠬᠤ ᠪᠠᠨ ᠲᠦᠷᠭᠡᠳᠬᠡᠨ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ | ᠲᠣᠭᠲᠠᠭᠠᠬᠤ ᠠᠬᠢᠴᠠ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠬᠦᠷᠢᠶᠡᠨ ᠳᠠᠬᠢ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠮᠢᠩᠭᠠᠨ ᠠᠵᠤ ᠠᠬᠤᠶᠢᠯᠠᠯ | ᠲᠦᠮᠡᠨ ᠡᠷᠦᠬᠡ ᠶᠢ ᠬᠠᠪᠰᠤᠷᠤᠨ ᠲᠡᠳᠬᠦᠵᠦ ᠬᠤᠣᠰᠯᠠᠬᠤ ᠠᠵᠢᠯᠯᠠᠭᠠᠨ ᠢ ᠥᠷᠨᠢᠭᠦᠯᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠯᠡᠭᠡ ︵2023 – 2025 | ᠣᠨ︶︾ ᠶᠢ ᠬᠡᠷᠡᠭᠵᠢᠭᠦᠯᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠲᠥᠷᠥᠯ | ᠬᠤᠪᠢᠶᠠᠵᠤ ᠣᠨᠣᠴᠠᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠣᠨᠳᠣᠤ ᠭᠠᠵᠠᠷ ᠲᠤ ᠨᠡᠭᠦᠬᠦ ᠭᠠᠷᠳᠠᠮ ᠢ ᠰᠢᠭᠤᠳ ᠭᠦᠢᠴᠡᠳᠬᠡᠬᠦ ᠶᠢ ᠠᠬᠢᠭᠤᠯᠤᠨ᠂ ᠡᠵᠡᠩᠨᠡᠯᠲᠡ ᠶᠢᠨ ᠭᠤᠤᠯ | ᠴᠣᠭᠴᠠ ᠶᠢ ᠠᠯᠪᠠᠳᠠᠯᠭ᠎ᠠ ᠪᠠᠷ ᠪᠤᠴᠠᠭᠠᠨ ᠭᠠᠷᠭᠠᠬᠤ ᠪᠠ ᠲᠥᠬᠦᠮ ᠠᠪᠰᠠᠷᠬᠠᠨ ᠢᠶᠠᠷ ᠪᠤᠴᠠᠭᠠᠨ ᠭᠠᠷᠭᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠥᠭᠵᠢᠯᠲᠡ ᠳᠤ ᠨᠢᠭᠡ ᠯᠠ ᠤᠳᠠᠭ᠎ᠠ ᠶᠢᠨ ᠴᠢᠨᠠᠷᠲᠠᠶ ᠨᠥᠬᠦᠪᠥᠷᠢ | ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪᠴᠢᠶᠡᠵᠢᠯ ᠢ ᠲᠣᠭᠲᠠᠭᠤᠨ ᠢᠶᠠᠷ | ᠥᠷᠭᠡᠳᠬᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠵᠣᠭᠤᠰ ᠢ | ᠢᠯᠭᠠᠷᠠᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠨ᠎ᠡ᠃ | ︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠲᠠᠶᠢᠯᠬᠤ | ᠠᠵᠢᠯᠯᠠᠭᠠᠠᠨ ᠤ ᠠᠵᠢᠯ ᠤᠨ ᠲᠥᠰᠦᠯ︾ ᠢ ᠲᠣᠭᠲᠠᠭᠠᠵᠤ᠂ ︽ᠮᠤᠵᠢ ᠶᠢᠨ ᠱᠠᠲᠤᠨ ᠤ ᠤᠳᠤᠷᠢᠳᠬᠤ | ᠺᠠᠳ᠋ᠷᠴᠤᠳ ᠤᠨ ᠭᠤᠣᠯᠳᠠᠯᠭᠠᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ | ᠠᠵᠢᠯ ᠤᠨ ᠲᠥᠰᠦᠯ︾ ᠵᠢᠴᠢ ᠵᠠᠰᠠᠭ ᠬᠤᠳᠠᠯᠳᠤᠭᠠᠨ ᠤ ᠬᠠᠷᠢᠯᠴᠠᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ | ︽ᠭᠤᠷᠪᠠᠨ ᠲᠤᠳᠤᠷᠬᠠᠢ ᠬᠠᠭᠤᠳᠠᠰᠤ︾ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠢᠮ ᠤᠨ ᠬᠠᠤᠯᠢ ᠲᠣᠭᠲᠠᠭᠠᠬᠤ | ᠠᠬᠢᠴᠠ ᠶᠢ ᠲᠦᠷᠭᠡᠳᠬᠡᠨ ᠠᠬᠢᠭᠤᠯᠤᠨ᠎ᠠ᠃ ᠣᠨᠳᠣᠤ ᠭᠠᠵᠠᠷ ᠲᠤ ᠪᠠᠯᠠ ᠣᠷᠣᠭᠤᠯᠤᠨ ᠡᠵᠡᠩᠨᠡᠬᠦ ᠳᠤ ᠬᠠᠮᠵᠢᠯᠴᠠᠬᠤ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ | ᠪᠠᠶᠢᠭᠤᠯᠤᠨ ᠪᠦᠷᠢᠨᠰᠢᠬᠦᠯᠬᠦ ᠯᠠᠪᠯᠠᠯᠲᠠ ᠶᠢᠨ ᠭᠦᠢᠴᠡᠳᠬᠡᠯ ᠲᠤᠭ᠎ᠠ︾ ᠶᠢ ᠲᠣᠭᠲᠠᠭᠠᠵᠤ᠂ ᠳᠡᠯᠡᠬᠡᠶ ᠶᠢᠨ ᠲᠡᠷᠢᠭᠦᠨ | ᠲᠠᠰ ᠤᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠪᠣᠶᠢᠵᠢᠭᠤᠯᠬᠤ | ᠬᠥᠮᠥᠷᠭᠡ ᠶᠢᠨ ᠬᠥᠮᠥᠷᠭᠡ ᠳᠤ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠠᠵᠤ | ᠠᠬᠤᠶᠢᠯᠠᠯ ᠤᠨ ᠮᠡᠷᠭᠡᠵᠢᠯ ᠰᠤᠳᠤᠯᠤᠨ ᠨᠡᠭᠡᠭᠡᠬᠦ ᠠᠵᠢᠯ ᠢ ᠨᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠶ ᠠᠵᠢᠯᠯᠠᠭᠠᠨ ᠢ ᠥᠷᠨᠢᠭᠦᠯᠵᠦ᠂ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ | ᠵᠣᠭᠤᠰ ᠢᠶᠠᠷ ᠲᠣᠷᠭᠠᠬᠤ᠂ ᠳᠤᠷ᠎ᠠ ᠪᠠᠷ ᠪᠠᠶᠢᠴᠠᠭᠠᠬᠤ᠂ ᠳᠤᠷ᠎ᠠ ᠪᠠᠷ ᠪᠠᠶᠢᠴᠠᠭᠠᠨ ᠪᠢᠲᠡᠭᠦᠮᠵᠢᠯᠡᠬᠦ ᠶᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠠᠰᠢᠭ | ᠬᠥᠭᠡᠭᠡᠴᠡᠯᠳᠦᠬᠦ ᠴᠢᠨᠠᠷᠲᠠᠶ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠵᠦ᠂ ᠬᠡᠷᠡᠭ ᠰᠢᠢᠳᠪᠦᠷᠢᠯᠡᠬᠦ ᠶᠢ ᠠᠰᠢᠭ | ᠲᠤᠰᠠ ᠲᠠᠢ ᠬᠤᠯᠪᠣᠭᠳᠠᠭᠤᠯᠬᠤ ᠶᠢ ᠴᠠᠭᠠᠵᠠᠯᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ | ︽ᠰᠢᠭᠤᠳ ᠨᠡᠪᠲᠡᠷᠡᠬᠦ ᠲᠡᠷᠭᠡ︾ ᠶᠢᠨ ᠨᠠᠷᠢᠯᠢᠭ ᠣᠨᠣᠴᠠᠲᠠᠶ ᠪᠠᠷ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠤᠨ᠎ᠠ᠃ | ︵ᠭᠤᠷᠪᠠ︶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠴᠢᠨᠠᠷ ᠰᠠᠶᠢᠲᠠᠶ ᠪᠡᠶᠡᠯᠡᠭᠦᠯᠵᠦ᠂ ᠤᠯᠤᠰ ᠤᠨ ᠦᠮᠴᠢᠯᠡᠯᠲᠦ | ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ | ᠪᠠᠶᠢᠭᠤᠯᠤᠨ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠪᠦᠰᠡᠯᠡᠯᠲᠡ ᠰᠢᠪᠲᠤᠯᠬᠤ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠤᠯᠤᠰ ᠤᠨ | ᠦᠮᠴᠢᠯᠡᠯᠲᠦ ᠡᠳ᠋ ᠬᠥᠷᠥᠩᠭᠡ ᠶᠢᠨ ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠬᠤ ᠪᠠ ᠴᠢᠯᠥᠭᠡᠲᠡᠶ ᠭᠦᠢᠯᠭᠡᠭᠡᠬᠦ | ᠰᠢᠪᠲᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠠᠯᠳᠠᠭᠳᠠᠯ ᠢ ᠪᠠᠭᠠᠰᠬᠠᠨ ᠠᠯᠳᠠᠭᠳᠠᠯ ᠢ ᠵᠠᠰᠠᠬᠤ ᠲᠤᠰᠬᠠᠶ | ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠪᠠᠷ | ᠠᠯᠳᠠᠭᠳᠠᠯ ᠲᠠᠢ ᠪᠠᠶᠢᠳᠠᠯ ᠢ ᠨᠢ ᠬᠤᠪᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠎ᠠ᠃ ︽ᠭᠤᠷᠪᠠ ᠶᠢ ᠲᠥᠪᠯᠡᠷᠡᠭᠦᠯᠬᠦ︾ | ᠱᠠᠭᠠᠷᠳᠠᠯᠭ᠎ᠠ ᠶᠣᠰᠣᠭᠠᠷ᠂ ᠤᠯᠤᠰ ᠤᠨ ᠦᠮᠴᠢᠯᠡᠯᠲᠦ ᠬᠦᠷᠦᠩᠭᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠯᠤᠭ᠎ᠠ | ᠪᠠᠶᠢᠩᠭᠤᠰᠢᠭᠤᠯᠤᠨ ᠵᠣᠯᠭᠠᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠪᠤᠰᠤᠳ ᠮᠤᠵᠢ ︵ᠣᠷᠣᠨ᠂ ᠬᠤᠲᠠ︶ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠤ ᠠᠬᠤᠶᠢᠯᠠᠯ ᠤᠨ | ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠨᠢ ᠠᠬᠢᠭᠤᠯᠵᠤ᠂ ᠱᠠᠨᠳᠦ᠋ᠩ᠂ ᠪᠡᠭᠡᠵᠢᠩ᠂ ᠠᠨᠾᠦ᠋ᠢ | ᠵᠡᠷᠭᠡ ᠭᠠᠵᠠᠷ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠨ᠎ᠠ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ | ᠬᠦᠴᠦᠨ ᠤ ᠦᠢᠯᠡᠳᠦᠯ ᠢ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | ᠬᠡᠮᠵᠢᠶ᠎ᠡ ᠶᠢ ︽ᠵᠠᠭᠤ ᠠᠴᠠ ᠳᠠᠪᠠᠭᠤᠯᠬᠤ︾᠂ ᠲᠤᠰᠬᠠᠶ ᠨᠠᠷᠢᠯᠢᠭ ᠦᠪᠡᠷᠮᠢᠴᠡ ᠰᠢᠨ᠎ᠡ ᠠᠵᠤ ᠠᠬᠤᠶᠢᠯᠠᠯ ᠤᠨ | ᠲᠤᠭ᠎ᠠ ᠬᠡᠮᠵᠢᠶ᠎ᠡ ᠶᠢ ︽ᠳᠠᠬᠢᠨ ᠢᠶᠠᠷ ᠨᠡᠮᠡᠭᠳᠡᠭᠦᠯᠬᠦ︾ ᠶᠢ ᠠᠬᠢᠭᠤᠯᠵᠤ᠂ 2025 ᠣᠨ ᠳᠤ ᠦᠪᠡᠷᠲᠡᠭᠡᠨ ᠵᠠᠰᠠᠬᠤ | ᠣᠷᠣᠨ ᠤ ᠬᠠᠷᠢᠶ᠎ᠠ ᠪᠥᠬᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠡᠷᠴᠢᠮ ᠢᠶᠠᠨ 4% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠲᠤᠯᠤᠭ᠎ᠠ᠂ ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠲᠦᠪᠯᠡᠷᠡᠵᠦ ᠡᠷᠴᠢᠮᠵᠢᠵᠦ | ᠪᠦᠭᠡᠮᠨᠡᠷᠡᠨ ᠬᠥᠭᠵᠢᠬᠦ ᠶᠢ ᠠᠬᠢᠭᠤᠯᠤᠨ᠎ᠠ | ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠭᠦᠨᠵᠡᠭᠡᠶ ᠠᠬᠢᠭᠤᠯᠤᠨ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠵᠤ ᠠᠬᠤᠶ ᠶᠢᠨ ᠬᠥᠭᠵᠢᠯᠲᠡ ᠶᠢ ᠥᠨᠳᠥᠷ ᠪᠦᠲᠦᠮᠵᠢᠲᠡᠶ | ᠨᠢᠭᠡᠳᠦᠯᠲᠡᠶ ᠲᠥᠯᠥᠪᠯᠡᠨ᠎ᠡ᠃ | ︵ᠨᠢᠭᠡ︶ ᠤᠰᠤ ᠠᠷᠪᠢᠯᠠᠬᠤ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ︽ᠤᠰᠤ ᠪᠠᠷ ᠳᠥᠷᠪᠡ ᠶᠢ ᠲᠣᠭᠲᠠᠭᠠᠬᠤ︾ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠢᠴᠢᠭ ᠮᠠᠲ᠋ᠧᠷᠢᠶᠠᠯ ᠢ ᠲᠣᠭᠲᠠᠭᠠᠵᠤ᠂ 2025 ᠣᠨ ᠤ ᠲᠦᠮᠡᠨ ᠲᠥᠭᠦᠷᠢᠭ ᠤᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ᠂ | ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ | 2020 ᠣᠨ ᠤ ᠬᠢ ᠠᠴᠠ ᠲᠣᠰ ᠲᠣᠰ 12% ᠪᠠ 13% ᠪᠠᠷ ᠪᠠᠭᠤᠷᠠᠭᠤᠯᠤᠨ᠎ᠠ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠨᠵᠧᠨᠧᠷᠢᠩ᠂ | ᠲᠠᠷᠢᠶᠠᠯᠠᠩ ᠤᠨ ᠮᠡᠷᠭᠡᠵᠢᠯ᠂ ᠲᠥᠷᠥᠯ ᠵᠦᠢᠯ᠂ ᠪᠦᠲᠦᠴᠡ᠂ ᠲᠣᠭᠲᠠᠴᠠ ︽ᠲᠠᠪᠤᠨ ᠲᠠᠯ᠎ᠠ ᠪᠠᠷ ᠠᠷᠪᠢᠯᠠᠨ | ᠭᠠᠮᠨᠠᠬᠤ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠨᠳᠥᠷ ᠦᠷ᠎ᠡ ᠪᠦᠲᠦᠮᠵᠢᠲᠡᠶ ᠪᠠᠷ | ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 200 ᠲᠦᠮᠡᠨ ᠮᠥ ᠰᠢᠨ᠎ᠡ ᠪᠠᠷ ᠪᠠᠶᠢᠭᠤᠯᠵᠤ᠂ ᠤᠰᠤ ᠠᠷᠪᠢᠯᠠᠵᠤ | ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠰᠢᠶᠠᠨ ᠢ 20 ᠡᠭᠦᠳᠦᠨ ᠪᠠᠶᠢᠭᠤᠯᠵᠤ᠂ ᠤᠰᠤ | ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠰᠤᠯᠠᠬᠤ᠂ ᠬᠠᠪᠤᠷ ᠬᠤᠷᠠᠭᠤᠯᠬᠤ ᠤᠰᠤ | ᠬᠡᠷᠡᠭᠯᠡᠬᠦ ᠲᠥᠰᠦᠯ ᠢ ᠰᠤᠳᠤᠯᠤᠨ ᠲᠣᠭᠲᠠᠭᠠᠵᠤ᠂ ︽ᠨᠡᠯᠦᠶᠢᠲᠡᠯ᠎ᠡ ᠤᠰᠤᠯᠠᠬᠤ︾ ᠠᠰᠠᠭᠤᠳᠠᠯ ᠢ | ᠦᠨᠳᠦᠰᠦᠨ ᠳᠤ ᠪᠠᠨ ᠰᠢᠢᠳᠪᠦᠷᠢᠯᠡᠵᠦ᠂ ᠲᠠᠷᠢᠶᠠᠨ ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠬᠤ | ᠢᠯᠡᠳᠬᠡᠮᠵᠢ ᠶᠢ 0.59 ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠤᠰᠤ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ | ᠲᠥᠰᠦᠪ ᠤᠨ ᠬᠠᠮᠢᠶᠠᠷᠤᠯᠲᠠ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠨᠢᠭᠡ ᠪᠦᠯᠦᠭ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ ᠠᠬᠤᠶᠢᠯᠠᠯ᠂ ᠤᠰᠤᠨ ᠤ | ᠠᠰᠢᠭᠯᠠᠮᠵᠢ ᠶᠢᠨ ᠲᠠᠭᠠᠭᠤᠯᠤᠭᠴᠢ ᠪᠦᠬᠦᠢ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ | ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ᠂ ᠰᠠᠭᠤᠭᠠᠯᠢ | ᠠᠷᠠᠳ ᠤᠨ ᠪᠤᠰᠤ ᠬᠡᠷᠡᠭᠯᠡᠬᠦ ᠤᠰᠤ ᠪᠠ ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤᠨ ᠤ | ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠤ ᠳᠠᠷᠠᠭ᠎ᠠ ᠬᠤᠷᠠᠮᠳᠤᠭᠤᠯᠤᠨ ᠪᠤᠳᠤᠵᠤ ᠦᠨ᠎ᠡ ᠨᠡᠮᠡᠬᠦ ᠵᠡᠷᠭᠡ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤ ᠠᠷᠪᠢᠯᠠᠬᠤ ᠣᠶᠤᠨᠴᠢ ᠬᠠᠮᠢᠶᠠᠷᠤᠯᠲᠠ ᠶᠢᠨ | ᠲᠠᠪᠴᠠᠩ ᠢ ᠪᠣᠶ ᠪᠣᠯᠭᠠᠨ᠎ᠠ᠃ ᠲᠠᠬᠢᠯᠳᠠ ᠤᠰᠤ ᠶᠢ ᠠᠰᠢᠭᠯᠠᠬᠤ ᠠᠵᠢᠯᠯᠠᠭᠠᠨ ᠢ ᠥᠷᠨᠢᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ᠲᠠᠬᠢᠯᠳᠠ ᠤᠰᠤᠨ ᠤ ᠠᠰᠢᠭᠯᠠᠯᠲᠠ ᠶᠢᠨ ᠨᠤᠷᠮ᠎ᠠ ᠶᠢ 60% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠤᠰᠤ ᠴᠠᠬᠢᠯᠭᠠᠨ ᠬᠡᠢ ᠢᠯᠴᠢ ᠬᠠᠩᠭᠠᠬᠤ ᠵᠡᠷᠭᠡ ᠴᠢᠬᠤᠯᠠ ᠬᠦᠷᠢᠶᠡᠨ ᠳᠠᠬᠢ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ᠂ ᠴᠤᠤᠯ ᠭᠤᠤᠯ ᠤᠨ | ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠬᠦ | ᠱᠤᠭᠤᠮ ᠢᠶᠠᠷ ᠤᠰᠤ ᠨᠡᠪᠲᠡᠷᠡᠭᠦᠯᠬᠦ ᠶᠢ ᠠᠬᠢᠭᠤᠯᠵᠤ᠂ ᠪᠣᠷᠣᠲᠣᠬᠤᠶ᠂ ᠳ᠋ᠧᠩᠺᠧᠥ ᠵᠡᠷᠭᠡ ᠲᠣᠮᠣ ᠳᠤᠮᠳᠠ | ᠬᠡᠯᠪᠡᠷᠢ ᠶᠢᠨ ᠤᠰᠤᠯᠠᠯᠲᠠ ᠶᠢᠨ ᠣᠷᠣᠨ ᠢ ᠤᠳᠤᠬᠢᠴᠢᠯᠠᠬᠤ ᠲᠡᠶᠢᠰᠢ ᠦᠭᠡᠷᠡᠴᠢᠯᠡᠨ ᠰᠢᠨᠡᠳᠭᠡᠬᠦ ᠶᠢ ᠠᠬᠢᠭᠤᠯᠤᠨ᠎ᠠ᠃ | ︵ᠬᠤᠶᠠᠷ︶ ᠭᠠᠵᠠᠷ ᠰᠢᠷᠣᠶ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠬᠠᠩᠭᠠᠯᠭ᠎ᠠ ᠶᠢ ᠣᠨᠣᠴᠠᠲᠠᠶ | ᠰᠠᠶᠢᠲᠤᠷ ᠬᠢᠨ᠎ᠠ᠃ ᠭᠤᠣᠯᠯᠠᠬᠤ ᠠᠵᠤ ᠦᠢᠯᠡᠰ᠂ ᠴᠢᠬᠤᠯᠠ ᠶᠡᠭᠡ ᠲᠥᠷᠥᠯ ᠵᠦᠢᠯ ᠳᠤ ᠭᠠᠵᠠᠷ ᠰᠢᠷᠣᠶ ᠶᠢ ᠵᠦᠶ | ᠵᠣᠬᠢᠰᠲᠠᠶ ᠬᠡᠷᠡᠭᠯᠡᠬᠦ ᠶᠢ ᠤᠷᠢᠳ ᠢᠶᠠᠷ ᠪᠠᠲᠤᠯᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ᠂ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠵᠦ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 52.02 ᠲᠦᠮᠡᠨ ᠮᠥ ᠵᠥᠪᠰᠢᠶᠡᠷᠡᠭᠰᠡᠨ ᠪᠠᠶᠢᠲᠠᠯ᠎ᠠ | ᠬᠠᠩᠭᠠᠭᠠᠳᠤᠢ ᠭᠠᠵᠠᠷ ᠰᠢᠷᠣᠶ᠂᠂ 15.92 ᠲᠦᠮᠡᠨ ᠮᠥ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ | ᠰᠢᠩᠭᠡᠭᠡᠵᠦ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠥᠬᠦ ᠣᠷᠣᠨ ᠪᠦᠰᠡ ᠶᠢᠨ | ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ | ᠠᠬᠢᠭᠤᠯᠵᠤ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠤᠭᠰᠠᠨ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ | ᠠᠷᠠᠯᠵᠢᠶᠠᠯᠠᠬᠤ ᠶᠢ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣ ᠰᠤᠯᠠᠯᠠᠨ ᠠᠵᠤ | ᠦᠢᠯᠡᠰ ᠢᠶᠠᠨ ᠰᠣᠯᠢᠬᠤ ᠶᠢ ᠦᠷᠭᠦᠯᠵᠢᠯᠡᠨ ᠠᠬᠢᠭᠤᠯᠵᠤ᠂ ᠮᠥ ᠪᠦᠷᠢ ᠶᠢᠨ ᠳᠤᠮᠳᠠᠴᠢ ᠭᠠᠷᠤᠯᠲᠠ ᠶᠢ ᠨᠡᠮᠡᠭᠳᠡᠭᠦᠯᠦᠨ | ᠣᠷᠣᠯᠭ᠎ᠠ ᠶᠢ ᠨᠡᠮᠡᠭᠳᠡᠭᠦᠯᠬᠦ᠂ ᠬᠤᠷᠣᠭᠳᠠᠯ ᠢ ᠪᠠᠭᠠᠰᠬᠠᠨ ᠬᠤᠷ᠎ᠠ ᠲᠣᠨᠣᠳᠠᠰᠤ ᠪᠠᠭᠤᠯᠭᠠᠬᠤ ᠠᠵᠢᠯᠯᠠᠭᠠᠨ ᠢ | ᠥᠷᠨᠢᠭᠦᠯᠵᠦ᠂ ᠦᠷ᠎ᠡ ᠠᠰᠢᠭ ᠢᠶᠠᠷ ᠳᠣᠤᠷ᠎ᠠ ᠦᠯᠡᠳᠡᠭᠡᠯ ᠭᠠᠵᠠᠷ ᠰᠢᠷᠣᠶ ᠶᠢ ᠴᠢᠯᠦᠭᠡᠲᠡᠢ ᠭᠦᠢᠯᠭᠡᠭᠡᠨ᠎ᠡ᠃ | ︵ᠭᠤᠷᠪᠠ︶ ᠠᠵᠤ ᠠᠬᠤᠶ ᠶᠢᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠤᠨ᠎ᠠ᠃ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠪᠥᠬᠦ | ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠰᠠᠨᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠤᠰ ᠡᠵᠡᠮᠳᠡᠯ ᠤᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠭᠠᠵᠠᠷ ᠣᠷᠣᠨ ᠤ ᠨᠡᠭᠦᠷᠡᠰᠦᠲᠥ᠋ᠷᠥᠭᠴᠢ ᠶᠢᠨ ᠰᠢᠯᠭᠠᠨ | ᠬᠢᠨᠠᠯᠲᠠ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ ᠶᠢᠨ ᠦᠨᠡᠯᠡᠯᠲᠡ᠂ ᠠᠵᠢᠯ ᠲᠥᠷᠥᠯ ᠤᠨ | ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠡᠵᠡᠮᠳᠡᠯ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ | ᠬᠠᠮᠢᠶᠠᠷᠤᠯᠲᠠ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠥᠷᠥ ᠶᠢᠨ ᠪᠣᠳᠣᠯᠭ᠎ᠠ ᠶᠢᠨ ᠲᠦᠷᠢᠮ | ᠪᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠨᠢ ᠬᠦᠷᠭᠡᠬᠦ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠨᠢ ᠬᠦᠷᠭᠡᠬᠦ ᠨᠢᠭᠡ ᠪᠦᠯᠦᠭ ᠲᠤᠷᠰᠢᠯᠲᠠ ᠶᠢᠨ ᠴᠡᠭ ᠢ ᠡᠭᠦᠳᠦᠨ | ᠪᠠᠶᠢᠭᠤᠯᠤᠨ᠎ᠠ᠃ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠤᠢ | ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠤᠯᠤᠰ ᠤᠨ ᠲᠠᠰ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ | ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ 2025 | ᠣᠨ ᠤ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠢ | ᠪᠠᠭᠠᠰᠬᠠᠬᠤ ᠬᠡᠮᠵᠢᠶ᠎ᠡ᠂ ᠳᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠨ ᠠᠪᠬᠤ ᠬᠡᠮᠵᠢᠶ᠎ᠡ᠂ ᠲᠦᠭᠦᠬᠡᠶ | ᠮᠠᠲ᠋ᠧᠷᠢᠶᠠᠯ ᠤᠨ ᠡᠨᠧᠷᠭᠢ ᠬᠡᠷᠡᠭᠯᠡᠬᠦ ᠬᠡᠮᠵᠢᠶ᠎ᠡ ᠶᠢ ᠬᠠᠷᠭᠤᠭᠤᠯᠤᠨ ᠪᠠᠭᠠᠰᠬᠠᠬᠤ ᠬᠡᠮᠵᠢᠶ᠎ᠡ᠂ ᠪᠤᠬᠢᠷᠳᠤᠯ ᠦᠭᠡᠢ | ᠴᠠᠬᠢᠯᠭᠠᠨ ᠤ ᠦᠨᠡᠮᠯᠡᠯ ᠤᠨ ᠮᠤᠵᠢ ᠠᠯᠤᠰᠯᠠᠨ ᠠᠷᠠᠯᠵᠢᠶᠠᠯᠠᠬᠤ ᠬᠡᠮᠵᠢᠶ᠎ᠡ᠂ ᠲᠤᠨᠤᠮᠠᠯ ᠡᠨᠧᠷᠭᠢ ᠶᠢᠨ ᠬᠤᠷᠣᠭᠳᠠᠯ ᠤᠨ | ᠭᠦᠢᠴᠡᠳᠭᠡᠯ ᠲᠤᠭ᠎ᠠ ᠶᠢ ᠠᠮᠢᠳᠤᠯᠢᠭ ᠪᠣᠯᠭᠠᠬᠤ ᠵᠡᠷᠭᠡ ᠶᠢ ᠨᠢᠭᠡᠳᠦᠯᠲᠡᠶ ᠲᠥᠯᠥᠪᠯᠡᠵᠦ᠂ ᠰᠢᠨ᠎ᠡ ᠪᠠᠷ | ᠠᠰᠢᠭᠯᠠᠯᠲᠠ ᠳᠤ ᠣᠷᠣᠭᠤᠯᠬᠤ ᠲᠦᠷᠦᠯ ᠵᠦᠢᠯ ᠪᠠ ᠦᠯᠡᠳᠡᠭᠡᠯ ᠠᠵᠤ ᠠᠬᠤᠶᠢᠯᠠᠯ ᠤᠨ ᠡᠨᠧᠷᠭᠢ ᠬᠡᠷᠡᠭᠯᠡᠬᠦ | ᠬᠠᠷᠢᠮᠠᠬᠠᠶ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢᠨ ᠬᠡᠷᠡᠭᠵᠢᠭᠦᠯᠬᠦ ᠲᠥᠰᠦᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠤᠤᠯᠳᠠᠯᠭ᠎ᠠ | ᠪᠣᠯᠬᠤ ᠬᠦᠷᠢᠶ᠎ᠡ ᠴᠠᠷᠠᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯᠯᠠᠭᠠᠨ ᠢ | ᠭᠦᠨᠵᠡᠭᠡᠶᠢᠷᠡᠭᠦᠯᠦᠨ᠂ ᠣᠷᠳᠣᠰ ᠬᠤᠲᠠ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ | ᠰᠤᠪᠤᠷᠭ᠎ᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠭᠰᠠᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠡᠷᠡᠭᠴᠡᠭᠡᠨ ᠠᠴᠠ ᠭᠠᠷᠤᠭᠰᠠᠨ ᠰᠠᠯᠬᠢᠨ ᠬᠦᠴᠦᠨ ᠤ | ᠴᠠᠬᠢᠯᠭᠠᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ | ᠪᠣᠳᠠᠰ᠂ ᠳᠡᠭᠡᠳᠦ ᠬᠦᠩᠭᠡᠨ ᠴᠠᠭᠠᠨ ᠨᠤᠨᠲᠠᠭ ᠨᠡᠭᠦᠷᠡᠰᠦᠨ ᠤ ᠦᠨᠡᠰᠦ ᠪᠠ ᠳᠠᠬᠢᠯᠲᠠ ᠬᠦᠩᠭᠡᠨ ᠴᠠᠭᠠᠨ ᠵᠡᠷᠭᠡ ᠡᠬᠢ | ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠎ᠠ᠃ | ᠨᠠᠢᠮᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠠ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ | ᠨᠢᠭᠡᠲᠦᠯᠲᠡᠢ ᠲᠦᠯᠦᠪᠯᠡᠨ ᠠᠬᠢᠭᠤᠯᠤᠨ᠎ᠠ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ | ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠬᠤᠲᠠ ᠬᠥᠳᠡᠭᠡ ᠶᠢᠨ ᠵᠥᠷᠢᠶ᠎ᠡ ᠶᠢ | ᠪᠠᠭᠠᠰᠬᠠᠨ᠎ᠠ᠃ | ︵ᠨᠢᠭᠡ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ᠤᠯᠤᠰ ᠤᠨ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ | ᠲᠥᠯᠥᠪᠯᠡᠭᠡ︾ ᠵᠢᠴᠢ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤᠵᠢᠯᠲᠠ ᠶᠢᠨ ᠳᠠᠯᠳᠠ ᠬᠦᠴᠦᠨ ᠲᠠᠢ | ᠭᠠᠵᠠᠷ ᠣᠷᠣᠨ ᠳᠤ ᠠᠵᠤ ᠦᠢᠯᠡᠰ ᠢ ᠵᠠᠯᠠᠵᠤ ᠣᠷᠤᠭᠤᠯᠬᠤ ᠪᠠᠨ ᠴᠢᠩᠭᠠᠷᠠᠭᠤᠯᠬᠤ ᠶᠢ ᠠᠬᠢᠭᠤᠯᠵᠤ᠂ ᠬᠥᠳᠡᠯᠮᠦᠷᠢ | ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠲᠠᠷᠢᠶᠠᠯᠠᠩ ᠮᠠᠯ ᠠᠵᠤ | ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ | ᠰᠠᠨᠠᠯ ᠢ ᠨᠡᠶᠢᠲᠡᠯᠡᠨ ᠬᠡᠷᠡᠭᠵᠢᠭᠦᠯᠵᠦ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠥᠮᠦᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠨ᠎ᠡ᠃ ᠬᠤᠳᠠ ᠶᠢᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠶᠢᠨ ᠭᠠᠵᠠᠷ ᠳᠣᠣᠷᠠᠬᠢ ᠬᠤᠭᠤᠯᠠᠶ ᠭᠤᠣᠷᠰᠤ ᠶᠢᠨ ᠲᠣᠣᠷ | ᠵᠡᠷᠭᠡ ︽ᠦᠩᠭᠡᠨ ᠲᠠᠯ᠎ᠠ ᠶᠢᠨ ᠪᠤᠰᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠳᠠ ᠶᠢᠨ ᠰᠢᠨᠡᠳᠭᠡᠯ ᠢ | ᠠᠬᠢᠭᠤᠯᠤᠨ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ 1291᠂ 24.6 ᠲᠦᠮᠡᠨ ᠡᠷᠦᠬᠡ | ᠦᠭᠡᠷᠡᠴᠢᠯᠡᠨ ᠰᠢᠨᠡᠳᠭᠡᠵᠦ᠂ ᠬᠤᠳᠠ ᠪᠠᠯᠭᠠᠰᠤᠨ ᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠤᠨ᠂ ᠬᠤᠳᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠭᠤᠣᠯ | ᠬᠤᠳᠠ ᠶᠢᠨ ᠲᠣᠭᠤᠷᠢᠭ ᠤᠨ ᠲᠡᠷᠭᠡᠨ ᠵᠤᠭᠰᠤᠭᠠᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠣᠭᠲᠠᠭᠠᠨ᠂ ᠤᠯᠠᠨ ᠨᠡᠶᠢᠲᠡ ᠶᠢᠨ ᠲᠡᠷᠭᠡ ᠵᠣᠭᠰᠣᠭᠠᠬᠤ ᠭᠠᠵᠠᠷ ᠢ ᠲᠦᠮᠡ ᠰᠢᠨ᠎ᠡ ᠪᠠᠷ | ᠨᠡᠮᠡᠭᠳᠡᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠡᠯ᠎ᠡ | ᠲᠦᠷᠦᠯ ᠤᠨ ᠢᠯᠴᠢ ᠬᠠᠩᠭᠠᠬᠤ ᠪᠡᠯᠡᠳᠭᠡᠮᠵᠢ ᠶᠢ ᠰᠠᠶᠢᠲᠤᠷ ᠬᠠᠮᠠᠭᠠᠯᠠᠵᠤ᠂ ᠰᠢᠲᠠᠮᠠᠬᠠᠶ ᠬᠡᠢ᠂ ᠤᠰᠤ ᠬᠠᠩᠭᠠᠬᠤ᠂ | ᠤᠰᠤ ᠵᠠᠯᠠᠬᠤ᠂ ᠢᠯᠴᠢ ᠬᠠᠩᠭᠠᠬᠤ ᠵᠡᠷᠭᠡ ᠬᠠᠭᠤᠴᠢᠷᠬᠠᠰᠠᠨ ᠬᠤᠭᠤᠯᠠᠶ ᠭᠤᠣᠷᠰᠤ ᠶᠢ 1500 ᠺᠢᠯᠣᠮᠧᠲᠷ | ᠦᠭᠡᠷᠡᠴᠢᠯᠡᠨ ᠰᠢᠨᠡᠳᠭᠡᠵᠦ᠂ ᠢᠯᠴᠢ ᠬᠠᠩᠭᠠᠬᠤ ᠠᠵᠢᠯᠯᠠᠭᠠᠨ ᠤ ᠬᠠᠮᠢᠶᠠᠷᠤᠯᠲᠠ᠂ ᠳᠤᠯᠠᠭᠠᠯᠠᠭ᠎ᠠ ᠶᠢᠨ ᠨᠡᠮᠡᠭᠦᠷᠢ | ᠵᠡᠷᠭᠡ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠣᠶᠤᠨᠴᠢ ᠪᠠᠷ ᠢᠯᠴᠢ ᠬᠠᠩᠭᠠᠬᠤ ᠲᠤᠷᠰᠢᠯᠲᠠ ᠶᠢᠨ ᠴᠡᠭ ᠢ 2500 ᠲᠦᠮᠡᠨ ᠺᠦᠸᠠᠳ᠋ ᠮᠧᠲᠷ ᠰᠢᠨ᠎ᠡ ᠪᠠᠷ | ᠨᠡᠮᠡᠭᠳᠡᠭᠦᠯᠦᠨ᠎ᠡ᠃ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠠᠵᠢᠯ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ ᠬᠦᠴᠦᠷᠬᠡᠭᠵᠢᠭᠦᠯᠬᠦ᠂ ᠠᠷᠠᠳ ᠢᠶᠠᠨ ᠪᠠᠶᠠᠵᠢᠭᠤᠯᠬᠤ ᠶᠢ ᠨᠢᠭᠡ | ᠴᠤᠭᠴᠠᠵᠢᠭᠤᠯᠤᠨ ᠬᠥᠭᠵᠢᠭᠦᠯᠬᠦ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠤᠨ ᠳᠡᠭᠡᠭᠰᠢᠯᠡᠭᠦᠯᠬᠦ ᠠᠵᠢᠯᠯᠠᠭᠠᠨ ᠢ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ 19.62 | ᠲᠦᠮᠡᠨ ᠬᠥᠮᠦᠨ ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ᠬᠡᠪᠴᠢᠶᠡᠵᠢᠯ ᠤᠨ ᠴᠢᠨᠠᠷᠲᠠᠶ ᠪᠤᠴᠠᠭᠠᠳ | ᠶᠠᠳᠠᠭᠤᠷᠠᠬᠤ ᠪᠠ ᠶᠠᠳᠠᠭᠤᠷᠠᠬᠤ ᠶᠠᠪᠤᠳᠠᠯ ᠦᠯᠦ ᠡᠭᠦᠰᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ ᠣᠷᠣᠰᠢᠨ ᠰᠠᠭᠤᠵᠤ ᠠᠵᠤ ᠲᠦᠷᠦᠬᠦ ᠳᠤ ᠲᠣᠬᠢᠷᠠᠮᠵᠢᠲᠠᠶ ᠡᠶ᠎ᠡ ᠨᠠᠶᠢᠷᠠᠮᠳᠠᠭᠤ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ | ᠤᠯᠤᠰ ᠤᠨ ᠲᠠᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ 8 ᠴᠢᠷᠮᠠᠶᠢᠨ | ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠶᠡᠭᠡ ᠪᠠᠷ | ᠬᠥᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠦᠮᠴᠢᠯᠡᠯ ᠤᠨ ᠡᠷᠬᠡ ᠶᠢ ᠡᠷᠭᠢᠯᠳᠦᠭᠦᠯᠦᠨ | ᠠᠷᠠᠯᠵᠢᠶᠠᠯᠠᠬᠤ ᠶᠢ ᠨᠢ ᠵᠢᠷᠤᠮᠵᠢᠭᠤᠯᠬᠤ ᠪᠥᠳᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ 5 | ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠪᠥᠬᠦ ᠣᠷᠣᠨ ᠤ 2000 ᠠᠴᠠ ᠳᠡᠭᠡᠭᠰᠢᠬᠢ ᠭᠠᠴᠠᠭ᠎ᠠ ᠲᠣᠰᠬᠤᠨ ᠳᠤ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ 9 ᠵᠦᠢᠯ ᠤᠨ ᠨᠡᠶᠢᠲᠡᠯᠢᠭ ᠬᠡᠪ ᠵᠠᠭᠪᠤᠷ ᠢ ᠳᠡᠯᠭᠡᠷᠡᠭᠦᠯᠵᠦ᠂ | 230 ᠭᠠᠴᠠᠭ᠎ᠠ ᠲᠣᠰᠬᠤᠨ ᠳᠤ ︽ᠨᠢᠭᠡᠳᠦᠯᠲᠡᠶ ᠳᠠᠷᠢᠵᠤ ︵ᠲᠡᠵᠢᠭᠡᠵᠦ︶ ᠬᠠᠮᠲᠤ ᠪᠠᠷ ᠪᠠᠶᠠᠵᠢᠬᠤ︾ ᠬᠡᠪ | ᠵᠠᠭᠪᠤᠷ ᠢ ᠬᠡᠷᠡᠭᠵᠢᠭᠦᠯᠦᠨ᠎ᠡ᠃ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠠᠷᠭ᠎ᠠ ᠮᠠᠶ᠋ᠢᠭ ᠢ | ᠦᠷᠭᠦᠯᠵᠢᠯᠡᠨ ᠳᠡᠯᠭᠡᠷᠡᠭᠦᠯᠵᠦ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠦᠷᠦᠯ ᠵᠦᠢᠯ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠦᠷᠦᠯ ᠵᠦᠢᠯ ᠤᠨ | ᠪᠡᠯᠡ ᠮᠥᠩᠭᠦ ᠶᠢᠨ 10% ᠶᠢ ᠨᠢ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠳᠤ ᠬᠡᠷᠡᠭᠯᠡᠨ᠎ᠡ᠃ | ᠬᠦᠷᠢᠶ᠎ᠡ ᠬᠠᠰᠢᠶᠠᠨ ᠤ ᠠᠵᠤ ᠠᠬᠤᠶ ᠶᠢᠨ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶᠡᠯᠡᠩ︾ ᠤᠨ | ᠠᠵᠢᠯᠯᠠᠭᠠᠨ ᠢ ᠥᠷᠨᠢᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠣᠷᠣᠯᠭ᠎ᠠ ᠶᠢᠨ | ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠶᠢᠰᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠷᠠᠭᠤᠯᠵᠤ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠦᠨ᠎ᠡ | ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠵᠦ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠨ᠎ᠠ᠃ | ︵ᠨᠢᠭᠡ︶ ᠣᠷᠣᠨ ᠪᠦᠰᠡ ᠶᠢᠨ ᠳᠣᠲᠣᠷᠠᠬᠢ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ | ᠬᠡᠷᠡᠭᠵᠢᠭᠦᠯᠬᠦ ᠶᠢ ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠪᠠᠷᠠᠭᠤᠨ ᠬᠡᠰᠡᠭ ᠤᠨ ᠭᠠᠵᠠᠷ ᠣᠷᠣᠨ ᠤ | ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ︾ ᠢ ᠰᠠᠶᠢᠲᠤᠷ ᠬᠡᠷᠡᠭᠵᠢᠭᠦᠯᠵᠦ᠂ ᠬᠠᠲᠤᠨ ᠭᠤᠤᠯ ᠤᠨ | ᠥᠪᠥᠷ ᠮᠣᠩᠭᠤᠯ ᠤᠨ ᠬᠡᠰᠡᠭ ᠤᠨ ᠭᠤᠤᠯ ᠤᠨ ᠵᠠᠮ ᠢ ᠵᠠᠰᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ | ᠬᠥᠭᠵᠢᠯᠲᠡ ᠶᠢ ᠠᠬᠢᠭᠤᠯᠬᠤ ᠰᠠᠨᠠᠯ ᠢ ᠰᠤᠳᠤᠯᠤᠨ ᠳᠤᠷᠠᠳᠴᠤ᠂ ᠤᠯᠠᠭᠠᠨᠬᠠᠳᠠ ᠶᠢᠨ ᠯᠢᠲ᠋ᠢ ᠶᠢᠨ ᠠᠵᠤ ᠦᠢᠯᠡᠰ ᠤᠨ | ᠬᠦᠷᠢᠶᠡᠯᠡᠩ᠂ ᠪᠡᠭᠡᠵᠢᠩ ᠥᠪᠥᠷ ᠮᠣᠩᠭᠤᠯ ︵ᠤᠯᠠᠭᠠᠨᠬᠠᠳᠠ · ᠢᠵᠤᠸᠠᠩ︶ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ | ᠠᠬᠢᠭᠤᠯᠤᠨ᠎ᠠ᠃ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠵᠦᠷᠢᠶᠡᠵᠢᠬᠦᠯᠦᠨ ᠵᠣᠬᠢᠴᠠᠯᠳᠤᠭᠤᠯᠤᠨ | ᠬᠥᠭᠵᠢᠭᠦᠯᠬᠦ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠠᠠᠴᠠᠵᠢᠭᠤᠯᠥᠨ | ᠬᠥᠭᠵᠢᠭᠦᠯᠬᠦ ᠲᠥᠯᠥᠪᠵᠢᠭᠦᠯᠭᠡ ︵2026 – 2035 ᠣᠨ︶ ᠶᠢ ᠨᠠᠶᠢᠷᠠᠭᠤᠯᠤᠨ ᠵᠣᠬᠢᠶᠠᠬᠤ ᠠᠵᠢᠯ ᠢ | ᠦᠷᠨᠢᠭᠦᠯᠵᠦ᠂ ᠬᠥᠬᠡᠬᠤᠲᠠ ᠪᠤᠭᠤᠲᠤ ᠬᠤᠶᠠᠷ ᠬᠤᠲᠠ ᠶᠢᠨ ᠠᠵᠤ ᠠᠬᠤᠶ᠂ ᠨᠡᠶᠢᠭᠡᠮ ᠤᠨ ᠣᠯᠠᠨ ᠲᠠᠯ᠎ᠠ ᠪᠠᠷ | ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠬᠥᠬᠡᠬᠤᠲᠠ ᠪᠤᠭᠤᠲᠤ ᠶᠢᠨ ᠨᠢᠭᠡ ᠬᠤᠲᠠᠴᠢᠯᠠᠬᠤ ᠪᠠᠷ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠳᠠᠶᠢᠴᠢᠯᠠᠨ᠎ᠠ᠃ ᠥᠪᠥᠷ | ᠮᠣᠩᠭᠤᠯ ᠤᠨ ᠪᠠᠷᠠᠭᠤᠨ ᠬᠡᠰᠡᠭ ᠵᠢᠴᠢ ᠪᠤᠰᠤᠳ ᠭᠤᠷᠪᠠᠨ ᠠᠶᠢᠮᠠᠭ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ | ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠨᠢ ᠳᠡᠮᠵᠢᠵᠦ᠂ ᠠᠵᠤ | ᠦᠢᠯᠡᠰ ᠤᠨ ᠰᠢᠨ᠎ᠡ ᠨᠡᠮᠡᠭᠳᠡᠯ ᠴᠡᠭ ᠢ ᠪᠣᠢ ᠪᠣᠯᠭᠠᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠲᠠᠪᠤᠨ ᠠᠶᠢᠮᠠᠭ | ᠬᠤᠲᠠ ᠶᠢᠨ ᠬᠢᠨ ᠤ ᠣᠷᠣᠨ ᠪᠦᠰᠡ ᠶᠢᠨ ᠲᠥᠪ ᠬᠤᠲᠠ᠂ ᠬᠢᠯᠢ ᠶᠢᠨ ᠪᠣᠭᠤᠮᠲᠠ ᠳᠤ ᠲᠦᠰᠢᠭᠯᠡᠨ᠂ ᠳᠠᠪᠠᠭᠤᠯᠢᠭ | ᠣᠨᠴᠠᠯᠢᠠᠠᠳᠣ ᠠᠵᠤ ᠦᠢᠯᠡᠰ ᠲᠥᠪᠯᠡᠷᠡᠭᠰᠡᠨ ᠣᠷᠣᠨ ᠢ ᠪᠣᠶ ᠪᠣᠯᠭᠠᠬᠤ ᠶᠢ ᠨᠢ ᠵᠣᠷᠢᠭᠵᠢᠭᠤᠯᠤᠨ᠎ᠠ᠃ | ︵ᠬᠤᠶᠠᠷ︶ ᠣᠷᠣᠨ ᠪᠦᠰᠡ ᠶᠢᠨ ᠬᠤᠭᠤᠷᠣᠨᠳᠣᠬᠢ ᠠᠭᠤᠰᠤᠯᠴᠠᠨ ᠬᠤᠯᠪᠣᠭᠠᠯᠠᠨ ᠬᠥᠳᠡᠯᠦᠯᠴᠡᠬᠦ | ᠬᠥᠭᠵᠢᠯᠲᠡ ᠶᠢ ᠲᠦᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ ᠳᠤ ᠭᠦᠨᠵᠡᠭᠡᠶ | ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠭᠤᠷᠪᠠᠨ ᠮᠤᠵᠢ ᠬᠤᠲᠠ ᠯᠤᠭ᠎ᠠ ᠶᠢᠨ ᠬᠠᠮᠲᠤᠷᠠᠯᠴᠠᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠪᠠᠷ ᠬᠠᠮᠲᠤᠷᠠᠯᠴᠠᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ︾ ᠶᠢ ᠶᠡᠭᠡ ᠪᠠᠷ ᠬᠡᠷᠡᠭᠵᠢᠭᠦᠯᠦᠨ᠂ ᠤᠨᠴᠠᠯᠢᠬᠳᠤ ᠠᠵᠤ ᠦᠢᠯᠡᠰ ᠢ ᠳᠡᠭᠡᠭᠰᠢᠯᠡᠭᠦᠯᠬᠦ᠂ | ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠬᠤ᠂ ᠬᠡᠷᠡᠭᠯᠡᠭᠡ ᠪᠠᠷ ᠬᠠᠪᠰᠤᠷᠤᠨ ᠲᠡᠳᠬᠦᠵᠦ ᠣᠷᠣᠯᠭ᠎ᠠ ᠶᠢ | ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡ ᠪᠠᠷ ᠬᠠᠮᠵᠢᠯᠴᠠᠨ ᠶᠠᠰᠤ ᠴᠢᠨᠠᠷ ᠢ ᠳᠡᠭᠡᠭᠰᠢᠯᠡᠭᠦᠯᠬᠦ ︽ᠳᠥᠷᠪᠡᠨ | ᠵᠦᠢᠯ ᠤᠨ ᠠᠵᠢᠯᠯᠠᠭᠠᠨ︾ ᠢ ᠭᠦᠨᠵᠡᠭᠡᠶ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠪᠡᠭᠡᠵᠢᠩ ᠳᠤ ᠣᠷᠣᠭᠤᠯᠵᠤ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠪᠣᠷᠣᠯᠠᠭᠤᠯᠭ᠎ᠠ ᠶᠢᠨ | ᠲᠤᠭ᠎ᠠ ᠶᠢ 320 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠠᠶᠢᠮᠠᠭ ᠬᠤᠲᠠ | ᠬᠢᠭᠡᠳ ᠪᠡᠭᠡᠵᠢᠩ ᠤᠨ ᠬᠠᠮᠲᠤᠷᠠᠯᠴᠠᠭ᠎ᠠ ᠶᠢᠨ ︽ᠪᠦᠬᠦᠨ ᠢ ᠬᠠᠮᠤᠷᠬᠤ︾ ᠶᠢ ᠪᠡᠶᠡᠯᠡᠭᠦᠯᠦᠨ᠎ᠡ᠃ ᠭᠤᠸᠠᠩᠳᠦ᠋ᠩ | ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠴᠧᠩᠳᠦ᠋ ᠴᠦᠩᠴᠢᠩ᠂ ᠬᠠᠳᠤᠨ ᠭᠤᠣᠯ ᠤᠨ ᠰᠠᠪᠠ ᠭᠠᠵᠠᠷ᠂ ᠬᠥᠷᠰᠢ ᠵᠡᠷᠭᠡᠯᠡᠳᠡᠭᠡ ᠮᠤᠵᠢ | ᠣᠷᠣᠨ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠱᠠᠨᠳᠦ᠋ᠩ᠂ ᠭᠢᠷᠢᠨ᠂ ᠱᠠᠨᠰᠢ᠂ ᠨᠢᠩᠰᠢᠶᠠ ᠯᠤᠭ᠎ᠠ ᠲᠣᠭᠲᠠᠭᠰᠠᠨ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠱᠠᠩᠬᠠᠶ ᠥᠪᠥᠷ ᠮᠣᠩᠭᠤᠯ᠂ ᠯᠢᠶᠤᠤᠨᠢᠩ ᠥᠪᠥᠷ ᠮᠣᠩᠭᠤᠯ᠂ ᠲᠢᠶᠠᠨᠵᠢᠨ ᠥᠪᠥᠷ ᠮᠣᠩᠭᠤᠯ ᠤᠨ ᠣᠷᠣᠨ | ᠪᠦᠰᠡ ᠶᠢᠨ ᠡᠮᠴᠢᠯᠡᠭᠡᠨ ᠤ ᠬᠠᠮᠵᠢᠯᠴᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠷᠪᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ | ᠪᠠᠶᠢᠭᠤᠯᠤᠯᠲᠠ ᠶᠢ ᠴᠢᠩᠭᠠᠳᠬᠠᠨ᠎ᠠ | ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ᠃ | ︵ᠨᠢᠭᠡ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠰᠠᠶᠢᠲᠤᠷ ᠠᠳᠬᠤᠨ᠎ᠠ᠃ ᠥᠪᠡᠷᠲᠡᠭᠡᠨ | ᠵᠠᠰᠠᠬᠤ ᠣᠷᠣᠨ ᠤ ᠠᠵᠢᠯ ᠣᠯᠭᠤᠯᠲᠠ ᠶᠢᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ 18 | ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ᠂ | ᠭᠤᠣᠯᠳᠠᠯᠭ᠎ᠠ ᠪᠣᠯᠬᠤ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠭᠤᠷᠪᠠᠳᠤᠭᠠᠷ ᠠᠵᠤ | ᠦᠢᠯᠡᠰ ᠲᠠᠬᠢ ᠠᠵᠢᠯ ᠤᠨ ᠪᠠᠶᠢᠷᠢ ᠶᠢ 10 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠥᠪᠥᠷ | ᠮᠣᠩᠭᠤᠯ ᠤᠨ ᠮᠡᠷᠭᠡᠵᠢᠯ ᠴᠢᠳᠠᠪᠤᠷᠢ ᠶᠢᠨ ᠠᠵᠢᠯᠯᠠᠭᠠᠨ︾ ᠢ ᠭᠦᠨᠵᠡᠭᠡᠶᠢᠷᠡᠭᠦᠯᠦᠨ᠂ ᠠᠵᠢᠯ ᠣᠯᠭᠤᠬᠤ ᠮᠡᠷᠭᠡᠵᠢᠯ | ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ ᠤᠨ ᠠᠵᠢᠯ | ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠬᠡᠪᠴᠢᠶᠡᠵᠢᠯ ᠢ 35 ᠲᠦᠮᠡᠨ ᠬᠦᠮᠦᠨ ᠠᠴᠠ | ᠳᠡᠭᠡᠭᠰᠢ ᠳᠤ ᠬᠦᠷᠦᠭᠦᠯᠦᠨ᠂ ᠳᠡᠭᠡᠳᠦ ᠲᠠᠰ ᠤᠨ ᠦᠢᠯᠡᠳᠬᠦ ᠦᠢᠯᠡᠰ᠂ ᠳ᠋ᠢᠬᠢᠲ ᠠᠵᠤ ᠦᠢᠯᠡᠰ ᠵᠡᠷᠭᠡ ᠶᠢ | ᠬᠥᠭᠵᠢᠭᠦᠯᠬᠦ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠤᠯᠬᠤ ᠳᠤ ᠳᠣᠭᠢᠷᠠᠬᠤ ᠨᠠᠩ ᠣᠯᠠᠨ ᠠᠵᠢᠯ ᠤᠨ ᠪᠠᠶᠢᠷᠢ ᠶᠢ ᠠᠭᠤᠳᠠᠯᠵᠤ᠂ ᠨᠠᠩ ᠣᠯᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠦᠪᠦᠷ ᠮᠣᠩᠭᠤᠯ ᠳᠤ ᠪᠠᠨ ᠦᠯᠡᠳᠡᠭᠡᠬᠦ ᠦᠪᠦᠷ ᠮᠣᠩᠭᠤᠯ ᠳᠤ ᠢᠷᠡᠭᠦᠯᠬᠦ ᠪᠠᠷ | ᠲᠠᠲᠠᠬᠤ ᠬᠡᠷᠡᠭᠲᠡᠶ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭᠠᠨ ᠢ | ᠭᠦᠨᠵᠡᠭᠡᠶᠢᠷᠡᠭᠦᠯᠦᠨ᠂ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠵᠤ᠂ ᠴᠠᠯᠢᠩ | ᠥᠷᠢᠲᠦᠬᠦ ᠳᠠᠭᠠᠳᠬᠠᠯ ᠥᠷᠢᠲᠦᠬᠦ᠂ ︽ᠬᠠᠷ᠎ᠠ ᠵᠠᠭᠤᠴᠢ ᠪᠠᠶᠢᠭᠤᠯᠤᠮᠵᠢ︾ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠴᠢᠨ | ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ ᠲᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ | ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠱᠠᠨ ᠰᠢ ᠥᠪᠥᠷ ᠮᠣᠩᠭᠤᠯ ᠱᠠᠨᠳᠦ᠋ᠩ᠂ ᠬᠠᠲᠤᠨ ᠭᠤᠤᠯ ᠤᠨ | ᠰᠠᠪᠠ ᠭᠠᠵᠠᠷ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠵᠡᠷᠭᠡ ᠶᠢᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠬᠠᠮᠵᠢᠯᠴᠠᠭ᠎ᠠ ᠶᠢᠨ ᠵᠦᠪᠯᠡᠯᠴᠡᠭᠡᠷ ᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ | ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠣᠷ ᠴᠡᠭ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠪᠠᠶᠢᠷᠢᠰᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠯᠬᠢᠶᠡᠵᠢᠯ ᠢ ᠤᠷᠲᠤᠳᠬᠠᠨ᠎ᠠ᠃ | ︵ᠬᠤᠶᠠᠷ︶ ᠪᠠᠷᠠᠭᠠᠨ ᠤ ᠦᠨ᠎ᠡ ᠶᠢᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠨ᠎ᠠ᠃ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠬᠠᠩᠭᠠᠬᠤ ᠬᠠᠳᠠᠭᠠᠯᠠᠬᠤ ᠪᠣᠷᠣᠯᠠᠭᠤᠯᠬᠤ ᠡᠯ᠎ᠡ ᠭᠤᠭᠴᠤᠭᠠᠨ ᠤ ᠠᠵᠢᠯᠯᠠᠭᠠᠨ ᠤ | ᠪᠠᠶᠢᠳᠠᠯ ᠪᠠ ᠦᠨ᠎ᠡ ᠬᠠᠩᠰᠢ ᠶᠢᠨ ᠬᠠᠨᠳᠤᠰᠢ ᠶᠢ ᠨᠢᠭᠲᠠ ᠠᠩᠬᠠᠷᠴᠤ᠂ ᠲᠤᠬᠠᠶ ᠶᠢᠨ ᠭᠠᠵᠠᠷ ᠤᠨ ᠢᠶᠠᠨ | ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠤᠯᠭᠠᠭᠤᠯᠬᠤ ᠪᠠᠨ | ᠰᠢᠯᠤᠭᠤᠳᠬᠠᠵᠤ᠂ ᠨᠥᠭᠡᠴᠡᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠡᠩ ᠤᠨ ᠦᠨ᠎ᠡ ᠪᠠᠷ ᠪᠣᠷᠣᠯᠠᠭᠤᠯᠬᠤ ᠶᠢ | ᠳᠡᠯᠭᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠬᠢᠷᠠᠭᠤᠯᠤᠨ | ᠡᠵᠡᠮᠳᠡᠬᠦ ᠶᠢ ᠴᠢᠩᠭᠠᠳᠬᠠᠨ᠂ ᠠᠮᠤ ᠪᠤᠳᠠᠭ᠎ᠠ ᠲᠤᠰᠤ ᠮᠢᠬ᠎ᠠ ᠥᠨᠳᠡᠭᠡ ᠨᠣᠭᠤᠭ᠎ᠠ ᠵᠡᠷᠭᠡ ᠲᠠᠸᠠᠷ ᠤᠨ ᠬᠡᠮᠵᠢᠶ᠎ᠡ | ᠭᠦᠢᠴᠡᠳ ᠦᠨ᠎ᠡ ᠲᠣᠭᠲᠠᠭᠤᠨ ᠪᠠᠶᠢᠬᠤ ᠶᠢ ᠪᠠᠲᠤᠯᠠᠨ᠎ᠠ᠃ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ᠂ | ᠣᠷᠣᠰᠢᠭᠤᠯᠭ᠎ᠠ ᠶᠢᠨ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠨᠠᠰᠤᠵᠢᠯ ᠤᠨ ᠦᠨᠳᠦᠰᠦᠨ ᠳᠠᠭᠠᠳᠬᠠᠯ᠂ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠤᠨ᠂ ᠬᠤᠪᠢ ᠬᠥᠮᠦᠨ ᠤ ᠨᠠᠰᠤᠵᠢᠯ ᠤᠨ ᠮᠥᠩᠭᠦ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠪᠠᠯᠠ | ᠴᠤᠭᠯᠠᠭᠤᠯᠬᠤ ᠪᠠ ᠣᠯᠭᠤᠮᠵᠢ ᠶᠢ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠰᠣᠳᠤᠯᠵᠤ ᠨᠡᠶᠢᠲᠡᠯᠡᠨ | ᠪᠦᠷᠢᠨᠰᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠦᠮᠦᠰ ᠢ ᠪᠦᠬᠦᠨ ᠢ | ᠬᠠᠮᠤᠷᠬᠤ ᠶᠢ ᠠᠬᠢᠭᠤᠯᠤᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ | ᠠᠬᠢᠭᠤᠯᠤᠨ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠦᠨ᠎ᠡ᠃ ᠴᠠᠯᠢᠩ ᠣᠯᠭᠤᠬᠤ ᠶᠢ ᠦᠨᠡᠨ ᠬᠦ ᠪᠠᠲᠤᠯᠠᠵᠤ᠂ ᠴᠠᠯᠢᠩ ᠥᠷᠢᠲᠦᠵᠦ ᠪᠠᠶᠢᠭ᠎ᠠ ᠪᠠᠶᠢᠳᠠᠯ ᠢ | ᠢᠯᠭᠠᠷᠠᠭᠤᠯᠤᠨ ᠴᠡᠭᠴᠡᠯᠡᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠵᠡᠮᠳᠡᠭᠴᠦᠳ ᠤᠨ ᠬᠤᠶᠠᠷ ᠵᠦᠢᠯ ᠤᠨ ᠨᠡᠮᠡᠭᠦᠷᠢ ᠶᠢᠨ ᠣᠨᠣᠴᠠᠲᠠᠶ ᠬᠠᠮᠢᠶᠠᠷᠤᠯᠲᠠ ᠶᠢ ᠦᠷᠭᠦᠯᠵᠢᠯᠡᠨ | ᠴᠢᠩᠭᠠᠷᠠᠭᠤᠯᠵᠤ᠂ ᠪᠥᠬᠦ ᠣᠷᠣᠨ ᠤ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠷᠡᠭᠦᠯᠵᠢᠭᠦᠯᠵᠦ | ᠨᠡᠶᠢᠭᠡᠮ ᠳᠤ ᠠᠭᠤᠰᠤᠯᠴᠠᠭᠤᠯᠬᠤ ᠠᠵᠢᠯᠯᠠᠭᠠᠨ ᠢ ᠶᠡᠭᠡ ᠪᠠᠷ ᠠᠬᠢᠭᠤᠯᠤᠨ᠎ᠠ᠃ | ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︽︿ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠲᠥᠯᠥᠪᠵᠢᠭᠦᠯᠭᠡ ᠶᠢᠨ ᠬᠥᠲᠥᠯᠪᠦᠷᠢ ︵2024 – 2035 ᠣᠨ︶﹀ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠭᠡᠨ ᠪᠦᠲᠦᠭᠡᠨ ᠪᠠᠶᠢᠭᠤᠯᠬᠤ | ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠬᠦᠷᠲᠡᠭᠡᠬᠦ ᠪᠠ ᠠᠯᠪᠠᠨ ᠵᠢᠷᠤᠮ ᠤᠨ ᠰᠤᠷᠭᠠᠨ | ᠬᠥᠮᠦᠵᠢᠯ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠬᠤ ᠬᠤᠰᠢᠭᠤ ᠰᠢᠶᠠᠨ ᠤ ᠬᠠᠮᠤᠷᠬᠤ ᠬᠡᠪᠴᠢᠶ᠎ᠡ ᠶᠢ ᠦᠷᠭᠡᠳᠭᠡᠨ᠂ | ᠬᠤᠲᠠ ᠶᠢᠨ ᠬᠡᠪᠴᠢᠶᠡᠨ ᠳᠠᠬᠢ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ | ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭᠰᠠᠨ ᠴᠣᠭᠴᠠ ᠶᠢᠨ ᠲᠥᠷᠥᠯ ᠵᠦᠢᠯ ᠢ | ᠴᠢᠨᠠᠷ ᠰᠠᠶᠢᠲᠠᠶ ᠬᠡᠷᠡᠭᠵᠢᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠢᠷᠡᠭᠡᠳᠦᠶ ᠶᠢᠨ | ᠮᠡᠷᠭᠡᠵᠢᠯ ᠤᠨ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠤᠨ ᠤᠨᠴᠠᠯᠢᠭᠳᠤ ᠳᠡᠭᠡᠳᠦ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠤᠰ ᠲᠡᠷᠢᠭᠦᠨ ᠲᠠᠰ︾ ᠤᠨ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠤᠯᠤᠰ ᠤᠨ ᠣᠷᠣᠨ ᠪᠦᠰᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︶᠂ | ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠰᠠᠯᠠᠭ᠎ᠠ ᠶᠢᠨ | ᠣᠷᠣᠨ ᠪᠦᠰᠡ ᠶᠢᠨ ᠡᠮᠴᠢᠯᠡᠭᠡᠨ ᠤ ᠲᠥᠪ ᠪᠠ 82 ᠬᠤᠰᠢᠭᠤ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠴᠡᠭ ᠢ | ᠯᠠᠪᠳᠠᠭᠤᠨ ᠪᠠᠲᠤᠲᠠᠶ ᠠᠬᠢᠭᠤᠯᠤᠨ᠎ᠠ᠃ ᠨᠡᠶᠢᠳᠡᠮ ᠬᠠᠷᠠᠭᠠᠯᠵᠠᠯ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠰᠣᠷᠣᠭᠴᠢ ᠪᠦᠷᠢ ᠶᠢᠨ ᠳᠤᠮᠳᠠᠴᠢ ᠲᠣᠭᠲᠠᠭᠰᠠᠨ ᠲᠣᠭᠠᠨ ᠤ ᠨᠥᠬᠦᠪᠥᠷᠢ ᠶᠢᠨ ᠲᠥᠷᠥᠯ ᠵᠦᠢᠯ ᠢ | ᠬᠡᠷᠡᠭᠵᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡᠪᠦᠷᠢ ᠳᠤ ᠠᠯᠪᠠᠨ ᠠᠴᠠ ᠡᠷᠭᠢᠯᠡᠭᠰᠡᠨ ᠬᠡᠤᠬᠡᠳ | ᠰᠠᠭᠠᠲᠠᠭᠤᠯᠬᠤ ᠪᠠᠶᠢᠭᠤᠯᠤᠮᠵᠢ ᠶᠢ ᠠᠳᠠᠭ ᠲᠤ ᠪᠠᠨ 2 ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠬᠦᠷᠢᠶᠡᠨ ᠤ ᠬᠦᠴᠦᠷᠬᠡᠭᠯᠡᠯ ᠪᠠ ᠰᠤᠷᠤᠭᠴᠢᠳ ᠤᠨ ᠳᠠᠷᠤᠯᠠᠯ ᠲᠤᠷᠤᠮᠵᠢᠯᠠᠯ ᠢ ᠰᠡᠷᠭᠡᠶᠢᠯᠡᠨ ᠵᠠᠰᠠᠬᠤ ᠲᠤᠰᠬᠠᠶ | ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠶᠠᠯ᠎ᠠ ᠪᠤᠷᠤᠭᠤ ᠲᠠᠢ ᠨᠠᠰᠤᠨ ᠳᠤ ᠦᠯᠤ ᠬᠥᠷᠦᠭᠰᠡᠳ ᠢ ᠲᠤᠰᠬᠠᠶᠢᠯᠠᠨ | ᠵᠠᠯᠠᠷᠠᠭᠤᠯᠤᠨ ᠵᠠᠰᠠᠬᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠤᠨ᠎ᠠ᠃ ᠬᠥᠳᠡᠭᠡ ᠲᠣᠰᠬᠤᠨ ᠤ ᠬᠡᠷ ᠲᠤ ᠪᠠᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭᠠᠨ ᠢ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠶᠢᠨ ︽ᠪᠤᠭᠤᠷᠤᠯᠴᠤᠳ ᠤᠨ ᠠᠵᠢᠯᠯᠠᠭᠠᠨ︾ | ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ | 1.2 ᠲᠦᠮᠡ ᠳᠤ ᠬᠦᠷᠦᠭᠦᠯᠦᠨ᠂ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢᠨ 6000 | ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠨᠡᠶᠢᠭᠡᠮ | ᠲᠣᠭᠤᠷᠢᠭ ᠠᠴᠠ ᠳᠡᠮᠵᠢᠬᠦ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠬᠥᠭᠵᠢᠭᠦᠯᠦᠨ᠎ᠡ᠃ ᠤᠷᠳᠤ ᠴᠠᠭᠠᠨ | ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠣᠯᠠᠨ ᠴᠢᠳᠠᠮᠵᠢᠳᠣ ᠪᠡᠶ᠎ᠡ ᠶᠢᠨ ᠲᠠᠮᠢᠷ ᠤᠨ ᠲᠠᠯᠠᠪᠠᠶ ᠶᠢ 30᠂ ︽ᠤᠯᠤᠰ ᠤᠨ ᠪᠥᠮᠪᠦᠭᠡ ᠶᠢ | ᠨᠡᠶᠢᠭᠡᠮ ᠲᠣᠭᠤᠷᠢᠭ ᠲᠤ ᠣᠷᠣᠭᠤᠯᠬᠤ᠂ ᠴᠡᠴᠡᠷᠯᠢᠭ ᠲᠤ ᠣᠷᠣᠭᠤᠯᠬᠤ︾ ᠲᠥᠷᠥᠯ ᠵᠦᠢᠯ ᠢ 400 ᠰᠢᠨ᠎ᠡ ᠪᠠᠷ | ᠪᠠᠶᠢᠭᠤᠯᠵᠤ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠤᠨ᠎ᠠ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ | 2025 ᠣᠨ ᠤ 2 ᠳ᠋ᠤᠭᠠᠷ ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ | | |