4 ᠰᠠᠷ᠎ᠠ ᠶᠢᠨ 16 ᠤ ᠡᠳᠦᠷ᠂ ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠡᠷᠭᠢᠯᠡᠭᠰᠡᠨ ︽ᠬᠠᠰᠠᠭ ᠲᠡᠷᠭᠡ ᠬᠢᠬᠦ ᠮᠡᠷᠭᠡᠵᠢᠯ︾ ᠤᠨ ᠪᠣᠯᠪᠠᠰᠤᠷᠠᠯ ᠡᠬᠢᠯᠡᠨ᠂ | ᠬᠠᠰᠠᠭ ᠲᠡᠷᠭᠡ ᠬᠢᠬᠦ ᠤᠷ᠎ᠠ ᠮᠡᠷᠭᠡᠵᠢᠯ ᠳᠤ ᠳᠤᠷ᠎ᠠ ᠪᠠᠭ᠋ᠠᠲᠠᠶ᠂ ᠲᠤᠰ ᠠᠵᠢᠯ ᠲᠥᠷᠥᠯ ᠢ ᠡᠷᠬᠢᠯᠡᠵᠦ ᠪᠠᠶᠢᠭ᠎ᠠ 20 | ᠬᠥᠮᠦᠨ ᠣᠷᠣᠯᠴᠠᠵᠤ᠂ 4 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠣᠯᠤᠨ᠎ᠠ᠃ | | | | | | | | ᠲᠤᠰ ᠤᠳᠠᠭᠠᠨ ᠤ ᠪᠣᠯᠪᠠᠰᠤᠷᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠬᠠᠰᠠᠭ ᠲᠡᠷᠭᠡ ᠦᠢᠯᠡᠣᠡᠬᠦ ᠤᠷ᠎ᠠ ᠮᠡᠷᠭᠡᠵᠢᠯ ᠢ ᠡᠵᠡᠮᠰᠢᠭᠰᠡᠨ ᠨᠢᠭᠡ | ᠪᠦᠯᠦᠭ ᠲᠤᠰᠬᠠᠶ ᠴᠢᠳᠠᠪᠤᠷᠢᠲᠠᠨ ᠢ ᠬᠥᠮᠦᠵᠢᠭᠦᠯᠵᠦ᠂ ᠤᠯᠠᠮᠵᠢᠯᠠᠨ ᠵᠠᠯᠭᠠᠮᠵᠢᠯᠠᠭᠴᠢ ᠶᠢᠨ ᠡᠩᠨᠡᠭᠡ ᠶᠢ | ᠪᠤᠵᠠᠭᠠᠶᠢᠷᠠᠭᠤᠯᠤᠨ᠂ ᠠᠷᠤ ᠬᠤᠷᠴᠢᠨ ᠬᠤᠰᠢᠭᠤᠨ ᠤ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ | ᠪᠣᠯᠬᠤ ︽ᠮᠣᠩᠭᠤᠯ ᠦᠨᠳᠦᠰᠦᠲᠡᠨ ᠤ ᠬᠠᠰᠠᠭ ᠲᠡᠷᠭᠡ ᠬᠢᠬᠦ ᠮᠡᠷᠭᠡᠵᠢᠯ︾ ᠢ ᠪᠦᠲᠦᠮᠵᠢᠲᠡᠶ ᠪᠠᠷ ᠤᠯᠠᠮᠵᠢᠯᠠᠨ | ᠬᠥᠭᠵᠢᠭᠦᠯᠬᠦ ᠪᠠᠷ ᠵᠣᠷᠢᠯᠭ᠎ᠠ ᠪᠣᠯᠭᠠᠨ ᠡᠷᠬᠢᠯᠡᠭᠰᠡᠨ ᠶᠤᠮ᠃ | | | | | | | | ᠪᠣᠯᠪᠠᠰᠤᠷᠠᠯ ᠨᠢ ᠣᠨᠣᠯ ᠤᠨ ᠰᠤᠷᠤᠯᠴᠠᠯᠭ᠎ᠠ ᠪᠠ ᠦᠢᠯᠡᠳᠣᠯᠭᠡ ᠶᠢᠨ ᠠᠵᠢᠯᠯᠠᠭᠠᠨ ᠤ ᠬᠡᠯᠪᠡᠷᠢ ᠪᠠᠷ | ᠳᠠᠮᠵᠢᠭᠤᠯᠤᠨ᠂ ᠠᠷᠤ ᠬᠤᠷᠴᠢᠨ ᠤ ᠰᠢᠯᠢᠳᠡᠭ ᠤᠯᠠᠮᠵᠢᠯᠠᠯᠲᠤ ᠦᠨᠳᠦᠰᠦᠲᠡᠨ ᠤ ᠰᠣᠶᠣᠯ ᠢ ᠭᠦᠨᠵᠡᠭᠡᠶ ᠠᠭᠤᠳᠠᠯᠤᠨ | ᠳᠡᠯᠭᠡᠷᠡᠭᠦᠯᠵᠦ᠂ ᠣᠷᠣᠯᠴᠠᠭᠰᠠᠳ ᠤᠨ ᠪᠣᠳᠠᠰ ᠤᠨ ᠪᠤᠰᠤ ᠰᠣᠶᠣᠯ ᠤᠨ ᠥᠪ ᠢ ᠲᠠᠨᠢᠨ ᠮᠡᠳᠡᠷᠡᠬᠦ ᠪᠠ ᠬᠠᠮᠠᠭᠠᠯᠠᠨ | ᠬᠥᠭᠵᠢᠭᠦᠯᠬᠦ ᠤᠬᠠᠮᠰᠠᠷ ᠢ ᠳᠡᠭᠡᠭᠰᠢᠯᠡᠭᠦᠯᠦᠨ᠂ ᠬᠠᠰᠠᠭ ᠲᠡᠷᠭᠡ ᠬᠢᠬᠦ ᠤᠷ᠎ᠠ ᠮᠡᠷᠭᠡᠵᠢᠯ ᠬᠢᠭᠡᠳ ᠣᠳᠣ ᠦᠶ᠎ᠡ ᠶᠢᠨ | ᠵᠢᠷᠤᠭ ᠲᠥᠯᠥᠪᠯᠡᠭᠡ ᠶᠢᠨ ᠣᠨᠣᠯᠵᠢᠬᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ | ᠤᠶᠠᠯᠳᠤᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠰᠢᠨ᠎ᠡ ᠶᠢ | ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠤᠨ᠂ ᠣᠷᠣᠨ ᠨᠤᠲᠤᠭ ᠤᠨ ᠰᠣᠶᠣᠯ ᠤᠨ ᠠᠵᠤ ᠦᠢᠯᠡᠰ ᠤᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃ | | | | | | | | | | | | | | |