22.77 ᠳ᠋ᠦᠩᠰᠢᠭᠤᠷ ᠲᠥᠭᠦᠷᠢᠭ︕ ᠬᠤᠪᠢ ᠬᠥᠮᠦᠨ ᠳᠤ ᠰᠢᠭᠤᠳ ᠣᠯᠭᠤᠬᠤ ᠦᠷᠡᠵᠢᠯ ᠤᠨ ᠨᠡᠮᠡᠯᠭᠡ ᠶᠢ ᠥᠪᠥᠷ ᠮᠣᠩᠭᠤᠯ ᠪᠦᠬᠦ ᠬᠡᠪᠴᠢᠶᠡᠨ᠎ᠡ ᠪᠡᠶᠡᠯᠡᠭᠦᠯᠪᠡ
ᠨᠡᠶᠢᠲᠡᠯᠡᠭᠰᠡᠨ ᠴᠠᠭ᠄
2025/4/18
       ᠥᠪᠥᠷ ᠮᠣᠩᠭᠤᠯ ᠬᠤᠪᠢ ᠬᠥᠮᠦᠨ ᠳᠤ ᠰᠢᠭᠤᠳ ᠣᠯᠭᠤᠬᠤ ᠦᠷᠡᠵᠢᠯ ᠤᠨ ᠨᠡᠮᠡᠯᠭᠡ ᠶᠢᠨ ᠲᠦᠷᠥ ᠶᠢᠨ ᠪᠣᠳᠣᠯᠭ᠎ᠠ ᠶᠢ ᠨᠡᠶᠢᠳᠡᠯᠵᠤ᠂ ᠦᠷᠡᠵᠢᠯ ᠤᠨ ᠨᠡᠮᠡᠯᠭᠡ ᠶᠢ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠪᠠᠩᠬᠢ ᠶᠢᠨ ᠳᠠᠩᠰᠠᠨ ᠡᠷᠦᠬᠡ ᠳᠤ ᠨᠢ ᠰᠢᠭᠤᠳ ᠣᠷᠣᠭᠤᠯᠬᠤ ᠪᠣᠯᠪᠠ᠃ ᠣᠳᠣ ᠪᠣᠯᠲᠠᠯ᠎ᠠ᠂ ᠥᠪᠥᠷ ᠮᠣᠩᠭᠤᠯ ᠤᠨ ᠨᠢᠭᠡᠳᠦᠯᠲᠡᠶ ᠲᠥᠯᠥᠪᠯᠡᠬᠦ ᠲᠣᠭᠤᠷᠢᠭ ᠤᠨ 15 ᠨᠢ ᠦᠷᠡᠵᠢᠯ ᠤᠨ ᠨᠡᠮᠡᠯᠭᠡ ᠶᠢ ᠬᠤᠪᠢ ᠬᠥᠮᠦᠨ ᠳᠤ ᠰᠢᠭᠤᠳ ᠣᠯᠭᠤᠬᠤ ᠪᠣᠯᠤᠭᠰᠠᠨ ᠪᠥᠭᠡᠳ ᠳᠠᠭᠠᠳᠬᠠᠯ ᠳᠤ ᠣᠷᠣᠯᠴᠠᠭᠰᠠᠨ 20.1 ᠲᠦᠮᠡᠨ ᠠᠵᠢᠯᠲᠠᠨ ᠠᠵᠢᠯᠴᠢᠳ ᠲᠤ ᠨᠡᠶᠢᠲᠡ 27.77 ᠳ᠋ᠦᠩᠰᠢᠭᠤᠷ ᠲᠥᠭᠦᠷᠢᠭ ᠤᠨ ᠦᠷᠡᠵᠢᠯ ᠤᠨ ᠨᠡᠮᠡᠯᠭᠡ ᠶᠢ ᠣᠯᠭᠤᠭᠰᠠᠨ ᠪᠠᠶᠢᠨ᠎ᠠ᠃        2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠦᠷᠡᠵᠢᠯ ᠤᠨ  ᠨᠡᠮᠡᠯᠭᠡ  ᠶᠢ  ᠰᠦᠯᠵᠢᠶ᠎ᠡ  ᠪᠠᠷ   ︽ᠭᠤᠶᠤᠴᠢᠯᠠᠮᠠᠭᠴᠠ ᠲᠠᠷᠣᠶᠢᠬᠠᠨ ᠬᠦᠷᠲᠡᠭᠡᠬᠦ︾ ᠪᠣᠯᠭᠠᠭᠰᠠᠨ ᠠᠴᠠ ᠨᠠᠭᠠᠰᠢ᠂ ᠥᠪᠥᠷ ᠮᠣᠩᠭᠤᠯ ᠦᠷᠡᠵᠢᠯ ᠤᠨ ᠳᠠᠭᠠᠳᠬᠠᠯ ᠤᠨ ᠭᠠᠷᠲᠠᠨ ᠭᠦᠢᠴᠡᠣᠡᠭᠡᠬᠦ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠦᠷᠡᠵᠢᠯ ᠤᠨ ᠨᠡᠮᠡᠯᠭᠡ ᠶᠢ ᠭᠤᠶᠤᠴᠢᠯᠠᠬᠤ ᠥᠬᠡᠶ᠂ ᠮᠠᠲ᠋ᠧᠷᠢᠶᠠᠯ ᠲᠤᠰᠢᠶᠠᠬᠤ ᠦᠭᠡᠢ᠂  ᠭᠦᠢᠴᠡᠣᠡᠭᠡᠬᠦ ᠶᠢ ᠬᠡᠯᠲᠦᠷᠢᠭᠦᠯᠬᠦ ᠶᠢ ᠨᠢᠭᠡ ᠴᠣᠭᠴᠠᠵᠢᠭᠤᠯᠤᠭᠰᠠᠨ ᠠᠦ᠋ᠲ᠋ᠣ᠋ ᠬᠢᠨᠠᠨ ᠬᠠᠷᠭᠤᠭᠤᠯᠵᠤ ᠣᠯᠭᠤᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠤᠯᠠᠮ ᠨᠢᠭᠡ ᠠᠯᠬᠤᠮ ᠰᠠᠶᠢᠵᠢᠷᠠᠭᠤᠯᠣᠨ᠂ ᠦᠷᠡᠵᠢᠯ ᠤᠨ ᠨᠡᠮᠡᠯᠭᠡ ᠶᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠬᠤᠪᠢ ᠬᠥᠮᠦᠨ ᠳᠤ ᠨᠢ ᠰᠢᠭᠤᠳ ᠣᠯᠭᠤᠬᠤ ᠶᠢᠨ ᠬᠠᠮᠲᠤ ᠨᠡᠮᠡᠯᠭᠡ ᠶᠢ ᠨᠢ ᠳᠠᠩᠰᠠᠨ ᠳᠤ ᠣᠷᠣᠭᠤᠯᠤᠭᠰᠠᠨ ᠢ ᠰᠠᠨᠠᠭᠤᠯᠬᠤ ᠣᠬᠤᠷ ᠮᠡᠳᠡᠭᠡ ᠶᠠᠪᠤᠭᠤᠯᠬᠤ ᠪᠣᠯᠵᠠᠶ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠳ ᠭᠡᠷ ᠠᠴᠠ ᠪᠠᠨ ᠭᠠᠷᠬᠤ ᠦᠭᠡᠶ ᠪᠠᠷ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ︾ APP᠂ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ APP᠂ ᡁᠢ ᠹᠦ᠋ ᠪᠦᠦ APP ᠤᠨ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠣᠭ᠍ᠷᠠᠮ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠬᠤᠪᠢ ᠶᠢᠨ ᠪᠠᠩᠬᠢ ᠶᠢᠨ ᠳᠠᠩᠰᠠᠨ ᠡᠷᠦᠬᠡ ᠶᠢᠨ ᠮᠡᠳᠡᠭᠡ ᠵᠠᠩᠭᠢ ᠪᠠ ᠭᠠᠷ ᠤᠲᠠᠰᠤᠨ ᠤ ᠨᠣᠮᠧᠷ ᠢᠶᠠᠨ ᠬᠠᠮᠠᠭᠠᠯᠠᠨ ᠪᠠᠲᠤᠯᠠᠬᠤ ᠪᠥᠭᠡᠳ ᠨᠥᠬᠦᠴᠡᠯ ᠳᠤ ᠨᠡᠶᠢᠴᠡᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠨᠢ ᠰᠢᠰᠲ᠋ᠧᠮ ᠳᠤ ᠠᠦ᠋ᠲ᠋ᠤ᠋ ᠬᠠᠷᠭᠤᠭᠤᠯᠤᠨ ᠰᠢᠯᠭᠠᠭᠠᠳ ᠦᠷᠡᠵᠢᠯ ᠤᠨ ᠨᠡᠮᠡᠯᠭᠡ ᠶᠢ ᠨᠢ ᠲᠣᠭᠠᠴᠠᠭᠠᠯᠠᠵᠤ᠂ 10 ᠠᠵᠢᠯᠯᠠᠬᠤ ᠡᠳᠦᠷ ᠤᠨ ᠳᠣᠲᠣᠷ᠎ᠠ ᠨᠡᠮᠡᠯᠭᠡ ᠶᠢ ᠨᠢ ᠰᠢᠯᠵᠢᠭᠦᠯᠦᠨ ᠥᠭᠭᠦᠨ᠎ᠡ᠃        ︽ᠡᠨᠡ ᠬᠦ ᠠᠷᠭ᠎ᠠ ᠬᠡᠮᠵᠢᠶ᠎ᠡ ᠨᠢ ᠡᠮᠡᠭᠲᠡᠶ ᠠᠵᠢᠯᠲᠠᠨ ᠠᠵᠢᠯᠴᠢᠳ ᠡᠮᠨᠡᠯᠭᠡ ᠠᠴᠠ ᠭᠠᠷᠤᠭᠰᠠᠨ ᠤ ᠳᠠᠷᠠᠭ᠎ᠠ ᠬᠤᠯᠪᠣᠭᠳᠠᠯ ᠪᠦᠬᠦᠢ ᠮᠠᠲ᠋ᠧᠷᠢᠶᠠᠯ ᠤᠳ ᠢᠶᠠᠨ ᠪᠡᠯᠡᠳᠬᠡᠴᠢᠬᠡᠭᠡᠳ᠂ ᠡᠮᠴᠢᠯᠡᠭᠡᠨ ᠤ ᠳᠠᠭᠠᠳᠬᠠᠯ ᠤᠨ  ᠭᠦᠢᠴᠡᠣᠡᠭᠡᠬᠦ ᠪᠠᠶᠢᠭᠤᠯᠤᠮᠵᠢ ᠳᠤ ᠬᠦᠷᠴᠦ ᠦᠷᠡᠵᠢᠯ ᠤᠨ ᠨᠡᠮᠡᠯᠭᠡ ᠭᠤᠶᠤᠴᠢᠯᠠᠳᠠᠭ ᠪᠠᠶᠢᠭᠰᠠᠨ ᠬᠠᠭᠤᠴᠢᠨ ᠵᠠᠭᠪᠤᠷ ᠢ ᠬᠤᠪᠢᠷᠠᠭᠤᠯᠵᠤ᠂ ᠦᠷᠡᠵᠢᠯ ᠤᠨ ᠨᠡᠮᠡᠯᠭᠡ ᠶᠢ ᠬᠤᠪᠢ ᠬᠥᠮᠦᠨ ᠳᠤ ᠲᠦᠷᠭᠡᠨ ᠪᠥᠭᠡᠳ ᠰᠢᠭᠤᠳ ᠣᠯᠭᠤᠬᠤ ᠪᠣᠯᠤᠭᠰᠠᠨ ᠨᠢ ᠵᠥᠪᠬᠡᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠭᠰᠡᠨ ᠲᠡᠳᠦᠶ ᠪᠢᠰᠢ᠂ ᠨᠠᠩ ᠴᠤ ᠦᠷᠡᠵᠢᠯ ︵ᠳᠡᠮᠵᠢᠬᠦ ᠪᠠᠨ ᠲᠡᠭᠦᠯᠳᠡᠷᠵᠢᠭᠦᠯᠦᠨ ᠢᠳᠡᠪᠬᠢᠲᠡᠶ ᠪᠠᠷ  ᠨᠠᠶᠢᠳᠠᠪᠣᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠵᠤ᠂ ᠭᠡᠷ ᠪᠦᠯᠢ ᠶᠢᠨ ᠦᠷᠡᠵᠢᠯ ᠤᠨ ᠳᠠᠷᠤᠭᠠᠰᠤ ᠪᠠ ᠠᠵᠤ ᠠᠬᠤᠶᠢᠯᠠᠯ ᠠᠴᠠ ᠬᠥᠩᠭᠡᠵᠢᠭᠰᠡᠳ ᠤᠨ ᠴᠢᠯᠥᠭᠡᠨ ᠤ ᠬᠤᠭᠤᠴᠠᠭᠠᠨ ᠳᠠᠬᠢ ᠴᠠᠯᠢᠩ ᠣᠯᠭᠤᠬᠤ ᠳᠠᠷᠤᠭᠠᠰᠤ ᠶᠢ ᠨᠢ ᠦᠨᠡᠨ ᠬᠦ ᠬᠥᠩᠭᠡᠷᠡᠭᠦᠯᠬᠦ ᠪᠣᠯᠤᠨ᠎ᠠ᠃︾ ᠬᠡᠮᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤ᠋ ᠬᠠᠶ ᠵᠢᠤᠸᠠᠨ ᠢᠯᠡᠷᠬᠡᠶᠢᠯᠡᠪᠡ᠂ ᠬᠤᠶᠢᠰᠢᠳᠠ ᠶᠢᠨ ᠠᠵᠢᠯ ᠳᠤ ᠪᠠᠨ ᠠᠷᠠᠳ ᠲᠤ ᠳᠥᠭᠦᠮᠯᠡᠬᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠳ᠋ᠠᠶᠢᠲ᠋ᠠ ᠪᠠᠷ ᠴᠢᠳᠠᠮᠵᠢ ᠣᠯᠭᠤᠬᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠭᠦᠢᠴᠡᠣᠨ ᠠᠰᠢᠭᠯᠠᠨ ᠴᠤᠪᠤᠷᠠᠯ ᠳᠤ ᠪᠠᠨ ᠰᠢᠨ᠎ᠡ ᠶᠢ ᠡᠭᠦᠳᠴᠦ᠂ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠢᠶᠠᠨ ᠠᠷᠠᠳ ᠤᠨ ᠠᠮᠢᠳᠤᠷᠠᠯ ᠳᠤ ᠬᠠᠷᠠᠭᠠᠯᠵᠠᠯ  ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号