ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠠᠷᠤ ᠬᠤᠷᠴᠢᠨ ᠬᠤᠰᠢᠭᠤᠨ ᠳᠤ ᠢᠷᠡᠪᠡ
ᠨᠡᠶᠢᠲᠡᠯᠡᠭᠰᠡᠨ ᠴᠠᠭ᠄
2025/4/2
       4 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠠᠴᠠ ᠡᠭᠦᠰᠭᠡᠭᠰᠡᠨ ︽ᠠᠨᠴᠢᠯ ᠤᠨ ᠠᠶᠠᠯᠠᠯ︾ ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠵᠣ ᠠᠪᠤᠷᠠᠨ ᠲᠤᠰᠠᠯᠠᠬᠤ ᠠᠵᠢᠯᠯᠠᠭ᠎ᠠ - ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠵᠤ ᠠᠪᠣᠷᠡᠨ ᠲᠤᠰᠠᠯᠠᠬᠤ ᠠᠵᠢᠯᠯᠠᠭ᠎ᠠ ᠶᠢᠨ ᠬᠠᠶᠢᠷ᠎ᠠ ᠬᠠᠯᠠᠮᠵᠢ ᠶᠢᠨ ᠪᠦᠯᠬᠦᠮ ᠠᠷᠤ ᠬᠤᠷᠴᠢᠨ ᠬᠤᠰᠢᠭᠤᠨ ᠳᠤ ᠢᠷᠡᠵᠦ᠂ ᠡᠪᠡᠳᠴᠢᠨ ᠡᠮᠭᠡᠭ ᠢ ᠰᠢᠭᠰᠢᠨ ᠪᠠᠶᠢᠴᠠᠭᠠᠵᠤ᠂ ᠨᠠᠩ ᠣᠯᠠᠨ ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠢ ᠴᠠᠭ ᠲᠤᠬᠠᠶ ᠳᠤᠨᠢ ᠣᠨᠣᠰᠢᠯᠠᠬᠤ ᠶᠢᠨ ᠬᠠᠮᠲᠤ ᠠᠪᠤᠷᠠᠨ ᠲᠤᠰᠠᠯᠠᠬᠤ ᠶᠢ ᠪᠠᠲᠤᠯᠠᠪᠠ᠃
       ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠳ ᠰᠢᠭᠰᠢᠨ ᠪᠠᠶᠢᠴᠠᠭᠠᠬᠤ ᠳᠤ ᠣᠷᠣᠯᠴᠠᠭᠰᠠᠨ ᠬᠡᠦᠬᠡᠳ ᠲᠤ ᠨᠠᠷᠢᠨ ᠨᠢᠮᠪᠠᠶ ᠪᠠᠶᠢᠴᠠᠭᠠᠯᠳᠠ ᠬᠢᠵᠦ᠂ ᠡᠪᠡᠳᠴᠢᠨ ᠤ ᠲᠡᠦᠬᠡ ᠪᠠ ᠡᠮᠨᠡᠨ ᠵᠠᠰᠠᠭᠰᠠᠨ ᠪᠠᠶᠢᠳᠡᠯ ᠢ ᠨᠢ ᠨᠠᠷᠢᠨ ᠠᠰᠠᠭᠤᠨ ᠯᠠᠪᠯᠠᠵᠤ᠂ ᠠᠪᠤᠷᠠᠨ ᠲᠤᠰᠠᠯᠠᠬᠤ ᠡᠮᠨᠡᠯᠭᠡ ᠶᠢᠨ ᠬᠤᠷᠢᠶ᠎ᠠ ᠨᠢ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠲᠤ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠰᠠᠭᠠᠳ ᠦᠭᠡᠶ ᠨᠡᠪᠲᠡᠷᠡᠬᠦ ᠵᠠᠮ ᠢ ᠭᠤᠶᠤᠴᠢᠯᠠᠨ ᠥᠭᠴᠦ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠳᠤ ᠬᠦᠷᠴᠦ ᠲᠦᠷᠭᠡᠨ ᠮᠡᠰᠡ ᠵᠠᠰᠠᠯ ᠬᠢᠯᠭᠡᠬᠦ ᠪᠠᠷ ᠲᠣᠬᠢᠷᠠᠭᠤᠯᠪᠠ︔ ᠲᠤᠰᠬᠠᠶ ᠮᠡᠷᠭᠡᠵᠢᠯᠲᠡᠨ ᠠᠴᠠ ᠮᠡᠰᠡ ᠵᠠᠰᠠᠯ ᠤᠨ ᠪᠠᠷᠢᠮᠵᠢᠶ᠎ᠠ ᠳᠤ ᠬᠦᠷᠦᠭᠰᠡᠨ ᠦᠭᠡᠢ ᠬᠡᠦᠬᠡᠳ ᠤᠨ ᠳᠠᠷᠠᠭᠠᠴᠢ ᠶᠢᠨ ᠠᠯᠬᠤᠮ ᠤᠨ ᠡᠮᠴᠢᠯᠡᠭᠡ ᠶᠢ ᠨᠠᠷᠢᠨ ᠨᠢᠮᠪᠠᠶ ᠵᠢᠭᠠᠨ ᠵᠢᠯᠣᠭᠤᠤᠪᠠ᠃ ᠲᠤᠰᠬᠠᠶ ᠮᠡᠷᠭᠡᠵᠢᠯᠲᠡᠳ ᠢᠯᠡᠷᠬᠡᠶᠢᠯᠡᠬᠦ ᠳᠡᠭᠡᠨ᠂ ︽ᠠᠯᠢ ᠴᠢᠳᠠᠬᠤ ᠪᠠᠷ ᠨᠠᠩ ᠣᠯᠠᠨ ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠢ ᠬᠠᠪᠰᠤᠷᠴᠤ ᠡᠷᠲᠡᠭᠡᠨ ᠡᠮᠨᠡᠭᠦᠯᠵᠦ᠂ ᠲᠡᠳᠡᠨ ᠳᠤ ᠰᠢᠨ᠎ᠡ ᠠᠮᠢ ᠨᠠᠰᠤ ᠶᠢ ᠥᠭᠴᠦ᠂ ᠰᠠᠨᠠᠭ᠎ᠠ ᠠᠮᠤᠷ ᠥᠰᠬᠡᠨ ᠪᠤᠶᠢᠵᠢᠭᠤᠯᠬᠤ︾ ᠪᠣᠯ ᠡᠮᠴᠢᠯᠡᠭᠡᠨ ᠤ ᠠᠩᠭᠢ ᠶᠢᠨ ᠬᠠᠮᠤᠭ ᠤᠨ ᠶᠡᠭᠡ ᠬᠦᠰᠡᠯ ᠮᠥᠨ ᠭᠡᠵᠡᠶ᠃ ᠲᠤᠰ ᠤᠳᠠᠭᠠᠨ ᠤ ᠠᠵᠢᠯᠯᠠᠭ᠎ᠠ ᠶᠢ ᠰᠠᠶᠢᠳᠣᠷ ᠥᠷᠨᠢᠭᠦᠯᠬᠦ ᠶᠢᠨ ᠲᠥᠯᠥᠭᠡ᠂ ᠬᠤᠰᠢᠭᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠸᠢᠴᠠᠲ ᠨᠡᠶᠢᠲᠡ ᠶᠢᠨ ᠳ᠋ᠤᠭᠠᠷ᠂ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠥᠷᠭᠡᠨ ᠢᠶᠠᠷ ᠤᠬᠠᠭᠤᠯᠬᠤ ᠶᠢᠨ ᠬᠠᠮᠲᠤ ᠰᠤᠮᠤ ᠰᠢᠶᠠᠩ ᠪᠠᠯᠭᠠᠰᠤ ᠪᠣᠯᠤᠨ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠵᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠠᠪᠤᠷᠠᠨ ᠲᠤᠰᠠᠯᠠᠬᠤ ᠴᠢᠬᠤᠯᠠᠲᠠᠶ ᠶᠠᠳᠠᠭᠤ ᠬᠦᠴᠢᠷᠳᠡᠯᠲᠡᠶ ᠭᠡᠷ ᠪᠦᠯᠢ ᠨᠢᠭᠡᠪᠦᠷᠢ ᠳᠤ ᠬᠦᠷᠲᠡᠯ᠎ᠡ ᠤᠬᠠᠭᠤᠯᠪᠠ᠃ ᠡᠭᠦᠨ ᠤ ᠬᠠᠮᠲᠤ ᠲᠥᠷᠥᠯ ᠵᠦᠢᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠬᠢᠵᠦ᠂ ᠲᠥᠷᠥᠯᠬᠢ ᠶᠢᠨ ᠴᠢᠨᠠᠷᠲᠠᠶ ᠵᠢᠷᠦᠬᠡᠨ ᠡᠪᠡᠳᠴᠢᠨ ᠲᠠᠢ ᠬᠡᠦᠬᠡᠳ ᠤᠨ ᠭᠡᠷ ᠤᠨ ᠠᠬᠠᠮᠠᠳ ᠲᠤ ᠲᠥᠷᠥᠯ ᠵᠦᠢᠯ ᠤᠨ ᠠᠭᠤᠯᠭ᠎ᠠ ᠶᠢ ᠭᠦᠢᠴᠡᠣᠨ  ᠣᠶᠢᠯᠠᠭᠠᠭᠤᠯᠬᠤ ᠶᠢᠨ ᠬᠠᠮᠲᠤ᠂ ᠭᠤᠶᠤᠴᠢᠯᠠᠬᠤ ᠶᠠᠪᠤᠴᠠ ᠳᠠᠬᠢ ᠡᠯ᠎ᠡ ᠵᠦᠢᠯ ᠤᠨ ᠠᠰᠠᠭᠤᠨ ᠯᠠᠪᠯᠠᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠮᠠᠲ᠋ᠧᠷᠢᠶᠠᠯ ᠤᠨ ᠠᠩᠬ᠎ᠠ ᠠᠯᠬᠤᠮ ᠤᠨ ᠬᠢᠨᠠᠨ ᠬᠠᠷᠭᠤᠭᠤᠯᠤᠯᠲᠠ ᠶᠢ ᠬᠠᠮᠵᠢᠨ ᠪᠡᠶᠡᠯᠡᠭᠦᠯᠵᠦ ᠬᠡᠦᠬᠡᠳ ᠢ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠡᠦᠬᠡᠳ ᠲᠠᠢ ᠭᠡᠷ ᠪᠦᠯᠢ ᠶᠢᠨ ᠬᠠᠮᠤᠭ ᠤᠨ ᠬᠦᠴᠢᠷᠳᠡᠯ ᠲᠠᠢ ᠦᠶ᠎ᠡ ᠳᠤ ᠬᠠᠮᠤᠭ ᠤᠨ ᠣᠬᠤᠷ ᠴᠠᠭ᠂ ᠬᠠᠮᠤᠭ ᠤᠨ ᠳᠥᠭᠦᠮ ᠠᠷᠭ᠎ᠠ ᠮᠠᠶ᠋ᠢᠭ ᠢᠶᠠᠷ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠯᠲᠠ ᠬᠦᠷᠲᠡᠬᠦ ᠳᠤ ᠨᠥᠬᠦᠴᠡᠯ ᠬᠠᠩᠭᠠᠭᠰᠠᠨ ᠪᠠᠶᠢᠨ᠎ᠠ᠃
       ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 62 ᠬᠡᠦᠬᠡᠳ ᠢ ᠰᠢᠭᠰᠢᠨ ᠪᠠᠶᠢᠴᠠᠭᠠᠵᠤ᠂ ᠮᠡᠰᠡ ᠵᠠᠰᠠᠯ ᠤᠨ ᠨᠥᠬᠦᠴᠡᠯ ᠳᠤ ᠨᠡᠶᠢᠴᠡᠭᠰᠡᠨ 10 ᠬᠡᠦᠬᠡᠳ ᠲᠤ ᠰᠠᠭᠠᠳ ᠦᠭᠡᠶ ᠨᠡᠪᠲᠡᠷᠡᠬᠦ ᠵᠠᠮ ᠭᠠᠷᠭᠠᠵᠤ᠂ ᠥᠩᠭᠡᠷᠡᠭᠰᠡᠨ ᠵᠢᠯ ᠤᠳ ᠲᠤ ᠰᠢᠭᠰᠢᠨ ᠪᠠᠶᠢᠴᠠᠭᠠᠵᠤ ᠭᠠᠷᠭᠠᠭᠰᠠᠨ 31 ᠬᠡᠦᠬᠡᠳ ᠲᠤ ᠳᠠᠬᠢᠨ   ᠪᠠᠶᠢᠴᠠᠭᠠᠯᠳᠠ  ᠬᠢᠵᠦ᠂        ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠥᠬᠡᠶ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠠᠷᠤ ᠬᠤᠷᠴᠢᠨ ᠬᠤᠰᠢᠭᠤᠨ ᠤ ᠡᠷᠡᠭᠦᠯ ᠡᠩᠬᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠭᠰᠡᠨ ᠪᠠᠶᠢᠨ᠎ᠠ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号