ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠡᠷᠬᠢᠯᠡᠭᠰᠡᠨ ︽ᠬᠠᠰᠠᠭ ᠲᠡᠷᠭᠡ ᠬᠢᠬᠦ ᠮᠡᠷᠭᠡᠵᠢᠯ︾ ᠤᠨ ᠪᠣᠯᠪᠠᠰᠤᠷᠠᠯ 4 ᠰᠠᠷ᠎ᠠ ᠶᠢᠨ 15 ᠤ ᠡᠳᠦᠷ ᠠᠴᠠ ᠡᠬᠢᠯᠡᠨ | 18 ᠤ ᠡᠳᠦᠷ ᠪᠣᠯᠲᠠᠯ᠎ᠠ 4 ᠡᠳᠦᠷ ᠶᠠᠪᠤᠭᠳᠠᠵᠤ᠂ ᠥᠨᠥᠳᠦᠷ ᠠᠮᠵᠢᠯᠲᠠ ᠳᠦᠭᠦᠷᠡᠩ ᠲᠡᠭᠦᠰᠦᠯ᠎ᠡ᠃ | | | | | | | | ᠪᠣᠯᠪᠠᠰᠤᠷᠠᠯ ᠤᠨ ᠠᠩᠭᠢ ᠨᠢ ᠤᠯᠤᠰ ᠤᠨ ᠳᠡᠰ ᠤᠨ ︽ᠮᠣᠩᠭᠤᠯ ᠦᠨᠳᠦᠰᠦᠲᠡᠨ ᠤ ᠬᠠᠰᠠᠭ ᠲᠡᠷᠭᠡ | ᠦᠢᠯᠡᠣᠡᠬᠦ ᠤᠷ᠎ᠠ ᠮᠡᠷᠭᠡᠵᠢᠯ︾ ᠤᠨ ᠥᠪᠯᠡᠨ ᠤᠯᠠᠮᠵᠢᠯᠠᠭᠴᠢ ᠰᠠᠶᠢᠨᠳᠦ᠋ᠭᠦᠷᠡᠩ᠂ ᠲᠡᠦᠬᠡ ᠰᠣᠶᠣᠯ ᠰᠤᠳᠤᠯᠤᠭᠠᠴᠢ | ᠳ· ᠪᠥᠭᠡᠪᠠᠭᠠᠲᠤᠷ ᠵᠡᠷᠭᠡ ᠲᠤᠰᠬᠠᠶ ᠮᠡᠷᠭᠡᠵᠢᠯ ᠤᠨ ᠪᠠᠭᠰᠢ ᠶᠢ ᠤᠷᠢᠨ ᠬᠢᠴᠢᠶᠡᠯᠯᠡᠭᠦᠯᠵᠦ᠂ ᠬᠠᠰᠠᠭ ᠲᠡᠷᠭᠡ ᠶᠢᠨ | ᠲᠡᠦᠬᠡᠨ ᠢᠷᠡᠯᠲᠡ᠂ ᠬᠡᠷᠡᠭᠯᠡᠭᠡᠨ ᠤ ᠲᠤᠬᠠᠶ ᠣᠨᠣᠯ ᠤᠨ ᠮᠡᠳᠡᠯᠭᠡ᠂ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ | ᠵᠡᠷᠭᠡ ᠣᠨᠣᠯ ᠤᠨ ᠰᠤᠷᠤᠯᠴᠠᠯᠭ᠎ᠠ ᠪᠠ ᠦᠢᠯᠡᠳᠣᠯᠭᠡ ᠶᠢ ᠤᠶᠠᠯᠳᠤᠭᠤᠯᠵᠤ᠂ ᠠᠮᠢᠳᠤᠯᠢᠭ ᠪᠥᠭᠡᠳ ᠣᠯᠠᠨ | ᠶᠠᠩᠵᠤ ᠶᠢᠨ ᠠᠷᠭ᠎ᠠ ᠬᠡᠯᠪᠡᠷᠢ ᠶᠢ ᠠᠪᠴᠤ᠂ ᠰᠤᠷᠤᠭᠴᠢᠳ ᠲᠤ ᠬᠠᠰᠠᠭ ᠲᠡᠷᠭᠡ ᠦᠢᠯᠡᠣᠡᠬᠦ ᠤᠷ᠎ᠠ ᠮᠡᠷᠭᠡᠵᠢᠯ ᠢ ᠨᠠᠩ | ᠪᠦᠬᠦ ᠲᠠᠯ᠎ᠠ ᠪᠠᠷ᠂ ᠭᠦᠨᠵᠡᠭᠡᠶ ᠰᠤᠷᠤᠯᠴᠠᠭᠤᠯᠵᠠᠶ᠃ | | | | | | | | | | ᠠᠷᠤ ᠬᠤᠷᠴᠢᠨ ᠬᠤᠰᠢᠭᠤᠨ ᠤ ᠬᠠᠰᠠᠭ ᠲᠡᠷᠭᠡ ᠦᠢᠯᠡᠣᠡᠬᠦ ᠤᠷ᠎ᠠ ᠮᠡᠷᠭᠡᠵᠢᠯ ᠨᠢ ᠥᠨᠢ ᠤᠳᠠᠭᠠᠨ | ᠲᠡᠦᠬᠡ ᠲᠠᠢ ᠪᠥᠭᠡᠳ ᠥᠪᠯᠡᠨ ᠤᠯᠠᠮᠵᠢᠯᠠᠬᠤ ᠶᠢ ᠡᠷᠬᠢᠮᠯᠡᠵᠦ ᠢᠷᠡᠭᠰᠡᠨ ᠠᠴᠠ 2008 ᠣᠨ ᠳᠤ ᠲᠥᠷᠥ ᠶᠢᠨ | ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠨᠡᠷᠡᠰ ᠲᠤ ᠵᠢᠭᠰᠠᠭᠠᠭᠳᠠᠭᠰᠠᠨ ᠪᠢᠯᠡ᠃ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠭᠰᠡᠨ ᠨᠢ ᠡᠨᠡ ᠬᠦ | ᠬᠤᠪᠣᠷ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠳᠤ ᠴᠢᠬᠤᠯᠠ ᠠᠴᠢ | ᠬᠤᠯᠪᠣᠭᠳᠠᠯ ᠲᠠᠢ ᠪᠥᠭᠡᠳ ᠠᠷᠤ ᠬᠤᠷᠴᠢᠨ ᠬᠤᠰᠢᠭᠤᠨ ᠤ ᠰᠣᠶᠣᠯ ᠤᠨ ᠦᠢᠯᠡᠰ ᠤᠨ ᠴᠡᠴᠡᠭᠯᠡᠯ ᠬᠥᠭᠵᠢᠯ ᠢ ᠤᠯᠠᠮ | ᠨᠢᠭᠡ ᠠᠯᠬᠤᠮ ᠲᠦᠯᠬᠢᠨ ᠠᠬᠢᠭᠤᠯᠬᠤ ᠨᠢ ᠳᠠᠮᠵᠢᠭ ᠦᠭᠡᠢ᠃ | | | | | | | | | | | | |