︽ᠬᠠᠨ ᠴᠠᠢ ᠬᠤᠨᠳᠠᠭᠠᠲᠤ︾ ᠲᠤᠤᠷ ᠪᠥᠮᠪᠦᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/4/22
       ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ᠂ ᠣᠯᠠᠨ ᠲᠦᠮᠡᠨ ᠤ ᠪᠡᠶ᠎ᠡ ᠮᠠᠬᠠᠪᠣᠳ ᠪᠣᠯᠤᠨ ᠥᠷᠢᠰᠥᠯᠳᠦᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠤᠷ ᠪᠥᠮᠪᠦᠭᠡ ᠶᠢᠨ ᠪᠠᠭ᠋ᠠᠳᠠᠳ ᠤᠨ ᠬᠤᠭᠤᠷᠣᠨᠳᠣᠬᠢ ᠰᠣᠯᠢᠯᠴᠠᠭ᠎ᠠ ᠰᠤᠷᠤᠯᠴᠠᠯᠭ᠎ᠠ ᠶᠢ ᠠᠬᠢᠭᠤᠯᠤᠨ᠂ ᠠᠷᠤ ᠬᠤᠷᠴᠢᠨ ᠬᠤᠰᠢᠭᠤᠨ ᠤ ᠲᠤᠤᠷ ᠪᠥᠮᠪᠦᠭᠡ ᠶᠢᠨ ᠪᠠᠭ᠋ᠠᠳᠠᠳ ᠤᠨ ᠪᠡᠶ᠎ᠡ ᠶᠢᠨ ᠲᠠᠮᠢᠷ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠣᠷᠢᠯᠭ᠎ᠠ ᠪᠠᠷ ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠢᠯᠣᠭᠤᠳᠴᠤ᠂ ᠤᠯᠠᠭᠠᠨᠬᠠᠳᠠ ᠬᠤᠲᠠ ᠶᠢᠨ ᠴᠠᠩ ᠶᠤᠸᠠᠨ ᠪᠡᠶ᠎ᠡ ᠰᠤᠪᠢᠯᠠᠬᠤ ᠴᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠠᠴᠠ ᠭᠤᠤᠯᠯᠠᠨ ᠡᠷᠬᠢᠯᠡᠵᠦ᠂ ᠠᠷᠤ ᠬᠤᠷᠴᠢᠨ ᠤ ᠲᠤᠤᠷ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ 2025 ᠣᠨ ᠤ  ︽5᠂ 1︾ ᠤ ᠬᠥᠳᠡᠯᠮᠦᠷᠢᠴᠢᠳ ᠤᠨ ᠪᠠᠶᠠᠷ ᠢ ᠤᠭᠲᠤᠬᠤ ︽ᠬᠠᠨ ᠴᠠᠢ ᠬᠤᠨᠳᠠᠭᠠᠲᠤ︾ ᠲᠤᠤᠷ ᠪᠥᠮᠪᠦᠭᠡ ᠶᠢᠨ ᠤᠷᠤᠯᠳᠤᠭᠠᠨ 4 ᠰᠠᠷ᠎ᠠ ᠶᠢᠨ 19 - 20 ᠤ ᠡᠳᠦᠷ ᠪᠣᠯᠲᠠᠯ᠎ᠠ᠂ ᠴᠢᠪᠠᠭ᠎ᠠ ᠪᠠᠯᠭᠠᠰᠤ ᠶᠢᠨ ᠰᠢᠨ᠎ᠡ ᠬᠤᠲᠠ ᠲᠣᠭᠤᠷᠢᠭ ᠤᠨ ᠪᠡᠶ᠎ᠡ ᠶᠢᠨ ᠲᠠᠮᠢᠷ ᠤᠨ ᠣᠷᠳᠣᠨ ᠳᠤ ᠢᠲᠡ ᠬᠥᠭ ᠲᠠᠢ ᠶᠠᠪᠤᠭᠳᠠᠭᠰᠠᠨ ᠪᠠᠶᠢᠨ᠎ᠠ᠃
       ᠲᠤᠰ ᠤᠳᠠᠭᠠᠨ ᠤ ᠤᠷᠤᠯᠳᠤᠭᠠᠨ ᠤ ᠲᠥᠷᠥᠯ ᠵᠦᠢᠯ ᠡᠯᠪᠡᠭ ᠪᠠᠶᠢᠵᠤ᠂ ᠡᠷᠡᠭᠲᠡᠶ ᠡᠮᠡᠭᠲᠡᠶ ᠶᠢᠨ ᠬᠤᠯᠢᠮᠠᠭ ᠬᠠᠮᠲᠤ ᠶᠢᠨ ᠤᠷᠤᠯᠳᠤᠭᠠᠨ ᠪᠠ ᠨᠠᠰᠤᠲᠠᠶᠢᠴᠤᠳ ᠤᠨ ᠬᠤᠤᠰᠯᠠᠨ ᠴᠣᠬᠢᠬᠤ ᠤᠷᠤᠯᠳᠤᠭᠠᠨ ᠢ ᠲᠣᠬᠢᠷᠠᠭᠤᠯᠵᠠᠶ᠃ ᠡᠭᠦᠨ ᠳᠤ᠂ ᠡᠷᠡᠭᠲᠡᠶ ᠡᠮᠡᠭᠲᠡᠶ ᠶᠢᠨ ᠬᠤᠯᠢᠮᠠᠭ ᠬᠠᠮᠲᠤ ᠶᠢᠨ ᠤᠷᠤᠯᠳᠤᠭᠠᠨ ᠨᠢ ᠠᠷᠤ ᠬᠤᠷᠴᠢᠨ ᠬᠤᠰᠢᠭᠤ ᠨᠤᠲᠤᠭ ᠲᠠᠢ ᠵᠠᠯᠠᠭᠤ ᠢᠳᠡᠷ᠂ ᠡᠷᠡᠭᠲᠡᠶ ᠡᠮᠡᠭᠲᠡᠶ ᠶᠢᠨ ᠲᠤᠤᠷ ᠪᠥᠮᠪᠦᠭᠡ ᠳᠤ ᠪᠠᠭ᠋ᠠᠳᠠᠢ ᠬᠥᠮᠦᠰ ᠪᠣᠯᠤᠨ᠎ᠠ᠃ ᠨᠠᠰᠤᠲᠠᠶᠢᠴᠤᠳ ᠤᠨ ᠬᠤᠤᠰᠯᠠᠨ ᠴᠣᠬᠢᠬᠤ ᠤᠷᠤᠯᠳᠤᠭᠠᠨ ᠢ ᠲᠤᠰᠬᠠᠶᠢᠯᠠᠨ ᠡᠷᠡᠭᠲᠡᠶ 60 ᠨᠠᠰᠤ᠂ ᠡᠮᠡᠭᠲᠡᠶ 55 ᠨᠠᠰᠤᠨ ᠠᠴᠠ ᠳᠡᠭᠡᠭᠰᠢᠬᠢ ᠠᠵᠢᠯ ᠠᠴᠠ ᠪᠠᠨ ᠠᠮᠠᠷᠠᠭᠰᠠᠳ ᠲᠤ ᠵᠣᠷᠢᠭᠤᠯᠪᠠ᠃
       ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠨᠠᠰᠤᠲᠠᠶᠢᠴᠤᠳ ᠤᠨ ᠬᠤᠤᠰᠯᠠᠨ ᠴᠣᠬᠢᠬᠤ ᠤᠷᠤᠯᠳᠤᠭᠠᠨ ᠤ ᠳ᠋ᠦᠩ ᠳᠤ ᠰᠠᠮᠪᠠᠯ᠂ ᠰᠡᠴᠡᠩᠭᠤᠸ᠎ᠠ ᠲᠡᠷᠢᠭᠦᠯᠡᠵᠦ᠂ ᠯᠢ ᠴᠢᠩ ᡁᠢ᠂ ᠤᠯᠠᠭᠠᠨᠲᠤᠶᠠᠭ᠎ᠠ ᠳᠡᠳ᠋ᠯᠡᠵᠦ᠂ ᠠᠮᠢᠪᠦᠭᠡ᠂ ᠴᠣᠶᠢᠳᠣᠷᠵᠢ ᠭᠤᠳᠠᠭᠠᠷᠯᠠᠪᠠ᠃ ᠡᠷᠡᠭᠲᠡᠶ ᠡᠮᠡᠭᠲᠡᠶ ᠶᠢᠨ ᠬᠤᠯᠢᠮᠠᠭ ᠬᠠᠮᠲᠤ ᠶᠢᠨ ᠤᠷᠤᠯᠳᠤᠭᠠᠨ ᠳᠤ ᠹᠦ᠋ ᠱᠧᠩ᠂ ᠨᠠᠷᠠᠨᠲᠤᠶᠠᠭ᠎ᠠ᠂ ᠠᠶᠣᠩᠭ᠎ᠠ᠂ ᠵᠣᠷᠢᠭᠲᠤ᠂ ᠥᠷᠥᠨᠴᠣᠯᠮᠣᠨ᠂ ᠪᠦᠲᠦᠭᠡᠭᠴᠢ ᠨᠡᠷ ᠤᠨ ᠳᠤᠭᠤᠶᠢᠯᠠᠩ ᠲᠡᠷᠢᠭᠦᠯᠡᠵᠦ᠂ ᠮᠠᠨᠳᠤᠯ᠎ᠠ᠂ ᠣᠶᠤᠨ᠂ ᠰᠡᠳᠬᠢᠯᠲᠦ᠂ ᠵᠢᠷᠤᠮᠲᠤ᠂ ᠣᠶᠤᠨᠳᠠᠯᠠᠶ᠂ ᠪᠠᠶᠠᠷᠲᠤ ᠨᠠᠷ ᠤᠨ ᠲᠣᠭᠤᠶᠢᠯᠠᠩ ᠳᠡᠳ᠋ᠯᠡᠵᠦ᠂ ᠰᠤᠷᠲᠠᠯᠲᠤ᠂ ᠪᠣᠯᠣᠷ᠂  ᠣᠶᠣᠡᠪᠢᠯᠢᠭ᠂ ᠳ᠋ᠦᠩ ᠯᠢᠶᠠᠩ᠂ ᠰᠠᠶᠢᠡᠳᠡᠯᠭᠡᠷ᠂  ᠬᠠᠶ ᠱᠠᠨ ᠨᠠᠷ ᠤᠨ ᠲᠣᠭᠤᠶᠢᠯᠠᠩ ᠪᠣᠯᠤᠨ ᠨᠠᠷᠠᠨᠳᠤᠩᠭᠠᠯᠠᠭ᠂ ᠬᠦᠰᠡᠯ᠂ ᠳᠦᠭᠦᠷᠡᠩ᠂ ᠰᠠᠶᠢᠡᠡᠦ᠋ᠯᠵᠡᠢ᠂ ᠷᠢᠨᠴᠢᠨ᠂ ᠮᠥᠩᠬᠡᠵᠢᠷᠭᠠᠯ ᠨᠠᠷ ᠤᠨ ᠳᠤᠭᠤᠶᠢᠯᠠᠩ ᠭᠤᠷᠪᠠᠳᠤᠭᠠᠷ ᠳᠡᠰ ᠲᠤ ᠲᠣᠳᠣᠷᠠᠵᠠᠶ᠃
       ᠳᠤᠷᠠᠳᠤᠭᠤᠰᠢᠲᠠᠶ ᠨᠢ᠂ ᠲᠤᠰ ᠤᠳᠠᠭᠠᠨ ᠤ ᠤᠷᠤᠯᠳᠤᠭᠠᠨ ᠢ ᠭᠤᠤᠯᠯᠠᠨ ᠡᠷᠬᠢᠯᠡᠭᠰᠡᠨ ᠤᠯᠠᠭᠠᠨᠬᠠᠳᠠ ᠬᠤᠲᠠ ᠶᠢᠨ ᠴᠠᠩ ᠶᠤᠸᠠᠨ ᠪᠡᠶ᠎ᠡ ᠰᠤᠪᠢᠯᠠᠬᠤ ᠴᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠰᠠᠩᠳᠠᠩ ᠴᠠᠢ ᠶᠢᠨ ᠪᠦᠲᠦᠭᠡᠭᠳᠡᠬᠦᠨ ᠨᠢ ᠠᠷᠤ ᠬᠤᠷᠴᠢᠨ ᠬᠤᠰᠢᠭᠤᠨ ᠤ ᠬᠠᠨᠰᠦ᠋ᠮ᠎ᠡ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ  ᠲᠥᠷᠥ  ᠶᠢᠨ  ᠪᠣᠳᠣᠯᠭ᠎ᠠ  ᠶᠢ  ᠲᠤᠭᠤᠰᠢᠯᠠᠭᠤᠯᠤᠨ᠂ ᠲᠡᠳᠬᠦᠨ ᠳᠡᠮᠵᠢᠵᠤ ᠪᠠᠶᠢᠭ᠎ᠠ ᠲᠠᠪᠤᠨ ᠶᠡᠭᠡ ᠣᠨᠴᠠᠯᠢᠭᠲᠤ ᠠᠵᠤ ᠦᠢᠯᠡᠰ ᠤᠨ ᠨᠢᠭᠡ ᠪᠠᠶᠢᠵᠤ᠂2024 ᠣᠨ ᠳᠤ ᠭᠤᠸᠠᠩᠰᠢ ᠶᠢᠨ ᠨᠠᠨᠨᠢᠩ ᠬᠤᠲᠠᠨ᠎ᠠ ᠶᠠᠪᠤᠭᠳᠠᠭᠰᠠᠨ ︽ᠳᠡᠯᠡᠬᠡᠶ ᠶᠢᠨ ᠣᠢ ᠰᠢᠭᠤᠶ ᠶᠢᠨ ᠪᠦᠲᠦᠭᠡᠭᠳᠡᠬᠦᠨ ᠵᠢᠴᠢ ᠮᠣᠳᠣᠨ ᠪᠦᠲᠦᠭᠡᠭᠳᠡᠬᠦᠨ ᠤ ᠦᠵᠡᠰᠬᠦᠯᠡᠩ︾ ᠳᠡᠭᠡᠷ᠎ᠡ ᠠᠯᠲᠠᠨ ᠱᠠᠩᠨᠠᠯ ᠬᠦᠷᠲᠡᠵᠦ᠂ ᠪᠦᠲᠦᠭᠡᠭᠳᠡᠬᠦᠨ ᠤ ᠪᠠᠨ ᠪᠣᠳᠠᠲᠤ ᠦᠢᠯᠡᠳᠦᠯ ᠪᠣᠯᠤᠨ ᠨᠠᠷᠠᠲᠤ ᠲᠡᠮᠳᠡᠭᠲᠦ ᠶᠢᠨ ᠭᠡᠭᠡᠨ ᠰᠠᠷᠠᠭᠤᠯ ᠢᠷᠡᠭᠡᠳᠦᠶ ᠶᠢ ᠢᠯᠡᠷᠡᠭᠦᠯᠦᠭᠰᠡᠨ ᠪᠢᠯᠡ᠃       ︵ᠨᠠᠳᠮᠢᠳᠰᠠᠷᠠᠩ᠂ ᠪᠠᠳᠠᠷᠠᠬᠤ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号